ᠮᠠᠨ ᠤ ᠬᠤᠲᠠ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠣᠷᠣᠨ ᠪᠦᠰᠡ ᠳᠤ ᠠᠷᠠᠳ ᠲᠤ ᠲᠥᠬᠦᠮ ᠦᠵᠡᠭᠦᠯᠬᠦ ᠰᠢᠩᠭᠡᠨᠵᠢᠮᠡᠯ ᠬᠡᠶ ᠲᠣᠬᠢᠷᠠᠭᠤᠯᠤᠨ ᠬᠦᠷᠭᠡᠬᠦ ᠥᠷᠲᠡᠭᠡ ᠶᠢ 10 ᠪᠠᠶᠢᠭᠤᠯᠪᠠ
ᠨᠡᠶᠢᠲᠡᠯᠡᠭᠰᠡᠨ ᠴᠠᠭ᠄
2020/12/23
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ ︽ᠥᠩᠭᠡᠷᠡᠭᠰᠡᠨ ᠳᠤ ᠮᠠᠨ ᠤ ᠬᠢᠨ ᠨᠡᠭᠦᠷᠡᠰᠦ ᠰᠢᠲᠠᠭᠠᠬᠤ ᠪᠤᠶᠤ ᠴᠠᠬᠢᠯᠭᠠᠨ ᠢᠶᠠᠷ ᠬᠤᠭᠤᠯᠠ ᠬᠢᠳᠡᠭ ᠪᠠᠶᠢᠪᠠ᠂ 9 ᠰᠠᠷ᠎ᠠ ᠠᠴᠠ ᠡᠬᠢᠯᠡᠨ ᠮᠠᠨ ᠤ ᠲᠣᠰᠬᠤᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠪᠠ᠃ ᠪᠢ ᠨᠡᠭᠦᠷᠡᠰᠦᠨ ᠬᠡᠶ ᠶᠢᠨ ᠵᠦ᠋ᠤᠬ᠎ᠠ ᠬᠤᠳᠠᠯᠳᠤᠨ ᠠᠪᠴᠤ᠂ ᠰᠢᠩᠭᠡᠨᠵᠢᠮᠡᠯ ᠬᠡᠶ ᠪᠠᠷ ᠬᠤᠭᠤᠯᠠ ᠬᠢᠵᠦ᠂ ᠲᠦᠭᠦᠮ ᠲᠦᠲᠡ ᠪᠦᠭᠡᠳ ᠵᠣᠭᠤᠰ ᠠᠷᠪᠢᠯᠠᠬᠤ ᠪᠣᠯᠪᠠ᠃ ᠰᠢᠩᠭᠡᠨᠵᠢᠮᠡᠯ ᠬᠡᠢ ᠶᠢ ᠬᠡᠷᠡᠭᠯᠡᠬᠦ ᠳᠤ ᠥᠪᠡᠷ ᠢᠶᠠᠨ ᠬᠡᠢ ᠶᠢᠨ ᠰᠠᠪᠠ ᠬᠤᠳᠠᠯᠳᠤᠵᠤ ᠠᠪᠬᠤ ᠴᠢᠬᠤᠯᠠ ᠦᠭᠡᠢ᠂ ᠵᠥᠪᠬᠡᠨ 96177 ᠳᠤ ᠤᠲᠠᠰᠤᠳᠠᠪᠠᠯ᠂ ᠠᠵᠢᠯᠳᠠᠨ ᠬᠡᠢ ᠶᠢᠨ ᠯᠣᠩᠬᠤ ᠶᠢ ᠭᠡᠷ ᠲᠤ ᠬᠦᠷᠭᠡᠭᠡᠳ ᠢᠷᠡᠴᠢᠭᠡᠨ᠎ᠠ︾᠃ 12 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠢᠦᠢ ᠴᠢᠦᠸᠠᠨ ᠲᠣᠭᠤᠷᠢᠭ ᠤᠨ ᠰᠢᠶᠤᠤ ᠾᠸᠢ ᠾᠧ ᠪᠠᠯᠭᠠᠰᠤᠨ ᠤ ᠾᠧᠦ ᠪᠧᠨ ᠲᠠᠨ ᠲᠣᠰᠬᠤᠨ ᠳᠤ ᠰᠤᠷᠪᠤᠯᠵᠢᠯᠠᠭ᠎ᠠ ᠬᠢᠬᠦ ᠳᠤ ᠲᠣᠰᠬᠤᠨ ᠤ ᠠᠷᠠᠳ ᠯᠢ ᠶᠦᠩ ᠴᠢᠶᠠᠩ ᠢᠡᠭᠬᠢᠵᠦ ᠪᠠᠶᠠᠷ ᠲᠠᠢ ᠬᠡᠯᠡᠪᠡ᠃      ᠯᠢ ᠶᠦᠩ ᠴᠢᠶᠠᠩ ᠲᠠᠢ ᠠᠳᠠᠯᠢ ᠪᠠᠷ᠂ ᠡᠨᠡ ᠵᠢᠯ ᠤᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠣᠷᠣᠨ ᠳᠤ᠂ ᠤᠯᠠᠮ ᠠᠴᠠ ᠣᠯᠠᠨ ᠲᠣᠰᠬᠤᠨ ᠤ ᠠᠷᠠᠳ ᠨᠡᠭᠦᠷᠡᠰᠦ ᠲᠦᠯᠡᠰᠢ ᠠᠴᠠ ᠰᠠᠯᠵᠤ ᠴᠡᠪᠡᠷ ᠡᠨᠧᠷᠭᠢ ᠬᠡᠷᠡᠭᠯᠡᠭᠰᠡᠨ ᠪᠠᠶᠢᠨ᠎ᠠ᠃ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠣᠷᠣᠨ ᠪᠦᠰᠡ ᠶᠢᠨ ᠲᠥᠪᠯᠡᠷᠡᠭᠦᠯᠦᠨ ᠢᠯᠴᠢ ᠬᠠᠩᠭᠠᠬᠤ ᠪᠠ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠡᠨ︾ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠨᠥᠯᠥᠭᠡᠯᠡᠭᠳᠡᠬᠦ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠭᠤᠷᠢᠭ ᠤᠨ ᠬᠠᠷᠢᠶ᠎ᠠ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠺᠣᠮᠫᠠᠨᠢ ᠲᠢᠶᠠᠨ ᠫᠢᠩ ᠶᠢᠩ ᠲᠣᠰᠬᠤᠨ᠂ ᠯᠦᠸᠧ ᠵᠢᠶᠠ ᠶᠢᠩ ᠲᠣᠰᠬᠤᠨ᠂ ᠰᠢ ᠡᠯ ᠳ᠋ᠤᠤ ᠾᠧ ᠲᠣᠰᠬᠤᠨ᠂ ᠾᠧᠦ ᠪᠧᠨ ᠲᠠᠨ ᠲᠣᠰᠬᠤᠨ ᠵᠡᠷᠭᠡ 10 ᠲᠣᠰᠬᠤᠨ ᠳᠤ ᠠᠷᠠᠳ ᠲᠤ ᠲᠥᠬᠦᠮ ᠦᠵᠡᠭᠦᠯᠬᠦ ᠰᠢᠩᠭᠡᠨᠵᠢᠮᠡᠯ ᠬᠡᠶ ᠲᠣᠬᠢᠷᠠᠭᠤᠯᠤᠨ ᠬᠦᠷᠭᠡᠬᠦ ᠥᠷᠲᠡᠭᠡ ᠪᠠᠶᠢᠭᠤᠯᠵᠤ᠂ ᠲᠣᠰᠬᠤᠨ ᠤ ᠠᠷᠠᠳ ᠲᠤ ᠬᠡᠶ ᠬᠦᠷᠭᠡᠬᠦ᠂ ᠤᠭᠰᠠᠷᠠᠬᠤ ᠵᠡᠷᠭᠡ ᠦᠢᠯᠡᠴᠢᠯᠡᠭᠡ ᠶᠢ ᠬᠠᠩᠭᠠᠵᠤ᠂ ᠣᠳᠣᠬᠠᠨ ᠳᠤ 1820 ᠡᠷᠦᠬᠡ ᠲᠣᠰᠬᠤᠨ ᠤ ᠠᠷᠠᠳ ᠨᠢᠭᠡᠨᠲᠡ ᠪᠤᠳᠤᠩ ᠲᠠᠢ ᠰᠢᠩᠭᠡᠨᠵᠢᠮᠡᠯ ᠬᠡᠶ ᠬᠡᠷᠡᠭᠯᠡᠵᠦ᠂ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠺᠣᠮᠫᠠᠨᠢ ᠲᠤᠰᠬᠤᠨ ᠤ ᠠᠷᠠᠳ ᠲᠤ 2000 ᠭᠠᠷᠤᠢ ᠪᠤᠳᠤᠩ ᠰᠢᠩᠭᠡᠨᠵᠢᠮᠡᠯ ᠬᠡᠢ ᠲᠤᠬᠢᠷᠠᠭᠤᠯᠤᠨ ᠬᠦᠷᠭᠡᠵᠡᠢ᠃      ᠰᠤᠷᠪᠤᠯᠵᠢᠯᠠᠭᠴᠢ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠲᠢᠶᠠᠨ ᠫᠢᠩ ᠶᠢᠩ ᠲᠣᠰᠬᠤᠨ ᠤ ᠠᠷᠠᠳ ᠲᠤ ᠲᠥᠬᠦᠮ ᠦᠵᠡᠭᠦᠯᠬᠦ ᠰᠢᠩᠭᠡᠨᠵᠢᠮᠡᠯ ᠬᠡᠶ ᠲᠣᠬᠢᠷᠠᠭᠤᠯᠤᠨ ᠬᠦᠷᠭᠡᠬᠦ ᠥᠷᠲᠡᠭᠡ ᠳᠤ᠂ ᠡ᠊ᠡᠳᠡ ᠲᠣᠰᠬᠤᠨ ᠤ ᠠᠷᠠᠳ ᠤᠨ ᠰᠢᠩᠭᠡᠵᠢᠮᠡᠯ ᠬᠡᠶ ᠶᠢᠨ ᠠᠮᠤᠷ ᠲᠦᠪᠰᠢᠨ ᠤ ᠪᠠᠶᠢᠴᠠᠭᠠᠯᠲᠠ᠂ ᠲᠣᠬᠢᠷᠠᠭᠤᠯᠤᠨ ᠬᠦᠷᠭᠡᠬᠦ ᠦᠢᠯᠡᠴᠢᠯᠡᠭᠡ ᠶᠢ ᠲᠤᠰᠬᠠᠶ ᠬᠥᠮᠦᠨ ᠬᠠᠷᠢᠭᠤᠴᠠᠵᠤ ᠪᠠᠶᠢᠬᠤ ᠶᠢ ᠣᠯᠵᠤ ᠬᠠᠷᠠᠪᠠ᠃ ︽ᠲᠣᠰᠬᠤᠨ ᠤ ᠠᠷᠠᠳ ᠬᠡᠷᠡᠭᠴᠡᠭᠡ ᠱᠠᠭᠠᠷᠳᠠᠯᠭ᠎ᠠ ᠲᠠᠢ ᠯᠠ ᠶᠤᠮ ᠪᠣᠯ ᠪᠢᠳᠡ ᠴᠥᠮ ᠲᠡᠷᠡ ᠳᠠᠷᠤᠶ ᠳᠤᠨᠢ ᠲᠣᠰᠬᠤᠨ ᠤ ᠠᠷᠠᠳ ᠲᠤ ᠦᠢᠯᠡᠴᠢᠯᠡᠵᠦ᠂ ᠲᠡᠳᠡᠨ ᠳᠤ ᠰᠢᠩᠭᠡᠨᠵᠢᠮᠡᠯ ᠬᠡᠶ ᠶᠢ ᠬᠡᠷᠬᠢᠨ ᠠᠮᠤᠷ ᠲᠦᠪᠰᠢᠨ ᠢᠶᠠᠷ ᠬᠡᠷᠡᠭᠯᠡᠬᠦ ᠶᠢ ᠵᠢᠭᠠᠵᠤ ᠥᠭᠭᠦᠨ᠎ᠡ︾ ᠭᠡᠵᠦ ᠬᠥᠬᠡᠬᠤᠲᠠ ᠶᠢᠨ ᠰᠢᠲᠠᠮᠠᠬᠠᠢ ᠬᠡᠢ ᠶᠢᠨ ᠢᠯᠴᠢ ᠶᠢᠨ ᠬᠦᠴᠦᠨ ᠤ ᠺᠣᠮᠫᠠᠨᠢ ᠶᠢᠨ ᠰᠢᠩᠭᠡᠨᠵᠢᠮᠡᠯ ᠬᠡᠢ ᠶᠢᠨ ᠬᠤᠪᠢᠶᠠᠷᠢ ᠺᠣᠮᠫᠠᠨᠢ ᠶᠢᠨ ᠳᠠᠭᠠᠭᠠᠮᠠᠯ ᠸᠠᠩ ᠴᠢᠶᠠᠩ ᠲᠠᠨᠢᠯᠴᠠᠭᠤᠯᠪᠠ᠃      ᠬᠤᠶᠢᠲᠤ ᠪᠠᠭᠠᠲᠠᠯ᠎ᠠ ᠲᠣᠰᠬᠤᠨ ᠳᠤ᠂ ᠲᠣᠰᠬᠤᠨ ᠤ ᠨᠠᠮ ᠤᠨ ᠡᠭᠦᠷ ᠤᠨ ᠱᠦᠵᠢ ᠰᠥ᠋ ᠵᠢᠶᠦ᠋ᠨ ᠶᠢᠩ ᠰᠤᠷᠪᠤᠯᠵᠢᠯᠠᠭᠴᠢ ᠳᠤ᠂ ᠲᠤᠰ ᠲᠣᠰᠬᠤᠨ ᠤ 69 ᠪᠠᠶᠢᠩᠭᠤ ᠰᠠᠭᠤᠭ᠎ᠠ ᠲᠣᠰᠬᠤᠨ ᠤ ᠠᠷᠠᠳ ᠪᠦᠬᠦᠨ ᠢᠶᠠᠷ ᠢᠶᠠᠨ ︽ᠨᠡᠭᠦᠷᠡᠰᠦ ᠶᠢ ᠴᠠᠬᠢᠯᠭᠠᠨ ᠪᠤᠯᠭᠠᠵᠤ ᠥᠭᠡᠷᠡᠴᠢᠯᠡᠨ︾ ᠢᠯᠴᠢ ᠬᠠᠩᠭᠠᠵᠤ᠂ ᠪᠦᠬᠦ ᠲᠣᠰᠬᠤᠨ ᠳᠤ ᠴᠡᠪᠡᠷ ᠡᠨᠧᠷᠭᠢ ᠪᠠᠷ ᠬᠤᠭᠤᠯᠠ ᠬᠢᠬᠦ ᠶᠢ ᠦᠨᠳᠦᠰᠦᠨ ᠳᠡᠭᠡᠨ ᠪᠦᠷᠬᠦᠬᠦᠯᠵᠦ᠂ ᠲᠣᠰᠬᠤᠨ ᠳᠤ ᠠᠷᠠᠳ ᠲᠤ ᠲᠦᠬᠦᠮ ᠦᠵᠡᠭᠦᠯᠬᠦ ᠰᠢᠩᠭᠡᠨᠵᠢᠮᠡᠯ ᠭᠡᠢ ᠲᠤᠬᠢᠷᠠᠭᠤᠯᠤᠨ ᠬᠦᠷᠭᠡᠬᠦ ᠦᠷᠳᠡᠭᠡ ᠪᠠᠶᠢᠭᠤᠯᠵᠤ᠂ ᠲᠣᠰᠬᠤᠨ ᠤ ᠠᠷᠠᠳ ᠨᠢᠭᠡ ᠯᠡ ᠤᠲᠠᠰᠤ ᠪᠠᠷ ᠭᠡᠢ ᠬᠦᠷᠭᠡᠬᠦ ᠦᠢᠯᠡᠴᠢᠯᠡᠭᠡ ᠶᠢ ᠬᠦᠷᠳᠡᠵᠤ ᠪᠤᠯᠳᠠᠬ ᠭᠡᠵᠦ ᠬᠡᠯᠡᠪᠡ᠃      ᠸᠠᠩ ᠴᠢᠶᠠᠩ ᠤᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠬᠦᠬᠡᠬᠤᠳᠠ ᠶᠢᠨ ᠰᠢᠩᠭᠡᠨᠵᠢᠮᠡᠯ ᠬᠡᠶ ᠬᠡᠷᠡᠭᠯᠡᠬᠦ ᠡᠷᠦᠬᠡ 6 ᠲᠦᠮᠡ ᠭᠠᠷᠤᠶ ᠪᠠᠶᠢᠨ᠎ᠠ᠂ ᠥᠷᠭᠡᠨ ᠣᠯᠠᠨ ᠬᠡᠷᠡᠭᠯᠡᠭᠴᠢ ᠶᠢᠨ ᠬᠡᠶ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠺᠣᠮᠫᠠᠨᠢ ᠤᠯᠤᠰ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠭᠰᠡᠨ ᠰᠢᠩᠭᠡᠨᠵᠢᠮᠡᠯ ᠬᠡᠶ ᠶᠢᠨ ᠪᠤᠳᠤᠩ ᠢ ᠨᠢᠭᠡᠳᠦᠯᠲᠡᠢ ᠬᠤᠳᠠᠯᠳᠤᠨ ᠠᠪᠴᠤ᠂ ᠨᠢᠭᠡᠳᠦᠯᠲᠡᠶ ᠭᠡᠶᠢᠯᠡᠵᠦ ᠨᠢᠭᠡᠳᠦᠯᠲᠡᠶ ᠦᠨ᠎ᠡ ᠬᠠᠩᠰᠢ ᠲᠤᠬᠳᠠᠭᠠᠨ ᠨᠢᠭᠡᠳᠦᠯᠲᠡᠶ ᠲᠣᠬᠢᠷᠠᠭᠤᠯᠤᠨ ᠬᠦᠷᠭᠡᠵᠡᠢ᠃ ᠬᠡᠷᠡᠭᠯᠡᠭᠴᠢ ᠥᠪᠡᠷ ᠢᠶᠠᠨ ᠬᠡᠶ ᠶᠢᠨ ᠪᠤᠳᠤᠩ ᠬᠤᠳᠠᠯᠳᠤᠨ ᠠᠪᠬᠤ ᠴᠢᠬᠤᠯᠠ ᠥᠬᠡᠶ᠂ 96177 ᠦᠢᠯᠡᠴᠢᠯᠡᠭᠡᠨ ᠤ ᠤᠲᠠᠰᠤ ᠶᠢ ᠵᠠᠯᠭᠠᠪᠠᠯ ᠳᠠᠷᠤᠶ ᠲᠤᠰᠬᠠᠶ ᠬᠥᠮᠦᠨ ᠡᠭᠦᠲᠡᠨ ᠳᠤᠨᠢ ᠬᠦᠷᠴᠦ ᠦᠢᠯᠡᠴᠢᠯᠡᠬᠦ ᠪᠣᠯᠤᠨ᠎ᠠ᠃ ᠰᠢᠩᠭᠡᠨᠵᠢᠮᠡᠯ ᠬᠡᠢ ᠶᠢᠨ ᠪᠤᠳᠤᠩ ᠪᠦᠷᠢ ᠳᠤ ᠨᠢᠭᠡ ᠨᠣᠮᠧᠷ ᠲᠠᠢ᠂ ᠴᠥᠮ ᠥᠪᠡᠷ ᠤᠨ ︽ᠪᠡᠶ᠎ᠡ ᠶᠢᠨ ᠦᠨᠡᠮᠯᠡᠯ ᠤᠨ ᠨᠣᠮᠧᠷ︾ ᠲᠠᠢ ᠪᠠᠶᠢᠳᠠᠬ᠃ ᠬᠡᠷᠡᠭᠯᠡᠭᠴᠢ ᠬᠤᠶᠠᠷ ᠬᠡᠮᠵᠢᠯᠲᠦ ᠺᠤᠳ᠋ ᠢ ᠰᠢᠷᠪᠢᠪᠡᠯ ᠬᠡᠢ ᠶᠢᠨ ᠪᠤᠳᠤᠩ ᠢ ᠬᠡᠷᠡᠭᠯᠡᠭᠰᠡᠨ ᠪᠠ ᠲᠣᠬᠢᠷᠠᠭᠤᠯᠤᠨ ᠬᠦᠷᠭᠡᠭᠰᠡᠨ ᠪᠠᠶᠢᠳᠠᠯ ᠢ ᠡᠬᠢ ᠡᠭᠦᠰᠦᠯ ᠠᠴᠠ ᠨᠢ ᠮᠥᠷᠳᠡᠵᠦ ᠪᠣᠯᠤᠨ᠎ᠠ᠃ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠣᠷᠣᠨ ᠤ ᠰᠢᠨ᠎ᠡ ᠬᠡᠷᠡᠭᠯᠡᠭᠴᠢ ᠳᠤ᠂ ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠺᠣᠮᠫᠠᠨᠢ ᠨᠢ ᠰᠢᠨ᠎ᠡ ᠬᠡᠷᠡᠭᠯᠡᠭᠴᠢ ᠶᠢᠨ ᠬᠡᠶ ᠬᠡᠷᠡᠭᠯᠡᠬᠦ ᠠᠴᠠ ᠡᠮᠦᠨᠡᠬᠢ ᠪᠣᠯᠪᠠᠰᠤᠷᠠᠭᠤᠯᠤᠯ ᠪᠠ ᠤᠬᠠᠭᠤᠯᠭ᠎ᠠ ᠶᠢ ᠴᠢᠩᠭᠠᠳᠬᠠᠵᠤ᠂ ᠣᠯᠠᠨ ᠢ ᠠᠮᠤᠷ ᠲᠦᠪᠰᠢᠨ ᠪᠥᠭᠡᠳ ᠲᠥᠬᠦᠮ ᠠᠪᠰᠠᠷᠬᠠᠨ ᠢᠶᠠᠷ ᠬᠡᠶ ᠬᠡᠷᠡᠭᠯᠡᠬᠦ ᠪᠣᠯᠭᠠᠪᠠ᠃http://mongol.people.com.cn/15833527.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ