ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠢ ᠰᠢᠶᠤᠤ ᠶᠠᠨ︶ ᠪᠥᠬᠦ | ᠬᠤᠲᠠ ᠶᠢᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠭᠦᠨᠵᠡᠭᠡᠶ ᠳᠥᠯᠭᠢᠨ ᠠᠬᠢᠭᠤᠯᠬᠤ ᠶᠢ ᠳᠠᠭᠠᠯᠳᠤᠨ᠂ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠭ ᠨᠣᠪᠰᠢ ᠶᠢ ᠲᠥᠷᠥᠯ | ᠬᠤᠪᠢᠶᠠᠬᠤ ᠠᠵᠢᠯ ᠴᠤ ᠪᠠᠶᠢᠭᠤᠯᠭ᠎ᠠ ᠶᠢᠨ ᠳᠣᠲᠣᠭᠠᠳᠤ ᠠᠴᠠ ᠪᠠᠨ ᠭᠠᠳᠠᠭᠰᠢ ᠥᠷᠭᠡᠵᠢᠵᠦ᠂ ᠣᠯᠠᠨ ᠵᠦᠢᠯ ᠤᠨ | ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠥᠬᠦ ᠬᠤᠲᠠ ᠶᠢᠨ ᠡᠯ᠎ᠡ ᠲᠥᠷᠥᠯ ᠤᠨ ᠬᠤᠳᠠᠯᠳᠤᠭᠠᠨ ᠤ ᠪᠠᠶᠢᠭᠤᠯᠤᠮᠵᠢ ᠶᠢᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠢᠳᠡᠪᠬᠢᠲᠡᠶ ᠥᠷᠨᠢᠭᠦᠯᠬᠦ ᠶᠢ ᠳᠥᠯᠭᠢᠨ | ᠠᠬᠢᠭᠤᠯᠪᠠ᠃ | ︽ᠭᠤᠷᠪᠠᠨ ᠨᠢᠭᠡ︾ ᠶᠢᠨ ᠲᠣᠭᠲᠠᠴᠠ ᠶᠢᠨ ᠰᠢᠰᠲ᠋ᠧᠮ ᠢ ᠪᠠᠶᠢᠭᠤᠯᠪᠠ᠃ ᠨᠢᠭᠡ ᠳᠤ᠂ ᠨᠢᠭᠡ ᠤᠳᠤᠷᠢᠳᠬᠤ | ᠳᠤᠭᠤᠶᠢᠯᠠᠩ ᠪᠠᠶᠢᠭᠤᠯᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠬᠤᠳᠠᠯᠳᠤᠭᠠᠨ ᠤ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠬᠤᠳᠠᠯᠳᠤᠭᠠᠨ ᠤ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠤᠨ ᠵᠢᠯᠣᠭᠤᠳᠣᠯᠭ᠎ᠠ ᠪᠠᠨ ᠦᠨᠡᠨ ᠬᠦ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡᠯᠡᠭᠰᠡᠨ ᠡᠯ᠎ᠡ ᠵᠦᠢᠯ ᠤᠨ ᠡᠭᠦᠷᠭᠡ ᠶᠢ ᠴᠠᠭ ᠲᠠᠭᠠᠨ ᠪᠡᠶᠡᠯᠡᠭᠦᠯᠬᠦ ᠶᠢ | ᠦᠨᠡᠨ ᠬᠦ ᠪᠠᠲᠤᠯᠠᠪᠠ᠃ ᠬᠤᠶᠠᠷ ᠲᠤ᠂ ᠨᠢᠭᠡ ᠰᠢᠰᠲ᠋ᠧᠮ ᠢ ᠪᠠᠶᠢᠭᠤᠯᠵᠤ᠂ ᠬᠤᠳᠠᠯᠳᠤᠭᠠᠨ ᠤ ᠪᠠᠶᠢᠭᠤᠯᠤᠮᠵᠢ ᠶᠢᠨ | ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠤᠭ | ᠨᠣᠪᠰᠢ ᠶᠢ ᠲᠥᠷᠥᠯ ᠬᠤᠪᠢᠶᠠᠬᠤ ᠲᠥᠬᠦᠭᠡᠷᠦᠮᠵᠢ ᠶᠢ ᠲᠦᠷᠬᠡᠨ ᠪᠠᠶᠢᠭᠤᠯᠵᠤ᠂ ᠬᠤᠭ ᠨᠣᠪᠰᠢ ᠭᠠᠷᠬᠤ ᠪᠠᠶᠢᠳᠠᠯ ᠢᠶᠠᠨ | ᠦᠨᠳᠦᠰᠦᠯᠡᠨ ᠬᠤᠭ ᠨᠤᠪᠰᠢ ᠬᠢᠬᠦ ᠰᠠᠪᠠ ᠲᠣᠬᠢᠷᠠᠭᠤᠯᠬᠤ ᠶᠢ ᠰᠢᠪᠠᠳᠠᠨ ᠱᠠᠭᠠᠷᠳᠠᠵᠤ᠂ ᠬᠤᠳᠠᠯᠳᠤᠭᠠᠨ ᠤ | ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ | ᠴᠤᠭᠯᠠᠭᠤᠯᠬᠤ᠂ ᠲᠥᠷᠥᠯ ᠬᠤᠪᠢᠶᠠᠨ ᠴᠡᠪᠡᠷᠯᠡᠨ ᠲᠡᠭᠡᠭᠡᠪᠦᠷᠢᠯᠡᠬᠦ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠪᠠ᠃ | ᠭᠤᠷᠪᠠ ᠳᠤ᠂ ᠨᠢᠭᠡ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠬᠤᠳᠠᠯᠳᠤᠭᠠᠨ ᠤ ᠭᠤᠤᠯ ᠴᠣᠭᠴᠠ ᠶᠢᠨ | ᠬᠠᠮᠢᠶᠠᠷᠤᠯᠲᠠ ᠶᠢᠨ ᠲᠦᠷᠢᠮ᠂ ᠳᠡᠩᠰᠡᠯᠡᠯᠲᠡ ᠶᠢᠨ ᠡᠬᠡ ᠲᠠᠩᠰᠠ ᠵᠡᠷᠭᠡ ᠶᠢ ᠪᠠᠭᠲᠠᠭᠠᠭᠰᠠᠨ ᠢᠵᠢ ᠪᠥᠷᠢᠳᠦᠭᠰᠡᠨ | ᠬᠠᠷᠠᠵᠤ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠱᠠᠭᠠᠷᠳᠠᠵᠤ᠂ ᠬᠤᠭ ᠨᠣᠪᠰᠢ ᠶᠢ ᠲᠥᠷᠥᠯ ᠬᠤᠪᠢᠶᠠᠬᠤ | ᠲᠦᠷᠢᠮ ᠤᠨ ᠪᠠᠲᠤᠯᠠᠭ᠎ᠠ ᠶᠢ ᠴᠢᠩᠭᠠᠳᠬᠠᠪᠠ᠃ | ᠠᠵᠢᠯ ᠤᠨ ᠭᠤᠤᠯᠳᠠᠯᠭ᠎ᠠ ᠶᠢ ᠲᠥᠷᠥᠯ ᠬᠤᠪᠢᠶᠠᠨ ᠲᠣᠭᠲᠠᠭᠠᠪᠠ᠃ ᠡᠯ᠎ᠡ ᠲᠥᠷᠥᠯ ᠤᠨ ᠬᠤᠳᠠᠯᠳᠤᠭᠠᠨ ᠤ | ᠪᠠᠶᠢᠭᠤᠯᠤᠮᠵᠢ ᠶᠢ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ | ᠢᠳᠡᠭᠡᠨ ᠤᠮᠳᠠᠭᠠᠨ ᠤ ᠳᠡᠯᠭᠡᠭᠦᠷ᠂ ᠬᠡᠲᠦ ᠳᠡᠯᠭᠡᠭᠦᠷ᠂ ᠲᠥᠬᠦᠮ ᠳᠡᠯᠭᠡᠭᠦᠷ᠂ ᠡᠮ ᠲᠠᠩ ᠤᠨ ᠵᠦᠢᠯ ᠵᠢᠵᠢᠭᠯᠡᠨ | ᠬᠤᠳᠠᠯᠳᠤᠬᠤ ᠠᠵᠤ ᠠᠬᠤᠶᠢᠯᠠᠯ ᠪᠣᠯᠤᠨ ᠠᠵᠤ ᠦᠢᠯᠡᠳᠪᠦᠷᠢ ᠶᠢᠨ ᠦᠢᠯᠡᠳᠬᠦᠨ ᠪᠣᠷᠣᠯᠠᠭᠤᠯᠬᠤ ᠳᠡᠯᠭᠡᠭᠦᠷ᠂ | ᠠᠯᠪᠠᠳᠠᠨ ᠭᠡᠷᠡᠴᠢᠯᠡᠭᠦᠯᠬᠦ ᠦᠢᠯᠡᠳᠬᠦᠨ ᠪᠣᠷᠣᠯᠠᠭᠤᠯᠬᠤ ᠳᠡᠯᠭᠡᠭᠦᠷ ᠪᠤᠯᠭᠠᠨ ᠬᠤᠪᠢᠶᠠᠵᠤ᠂ ᠲᠡᠳᠡᠨ ᠤ ᠠᠵᠢᠯ | ᠲᠥᠷᠥᠯ ᠤᠨ ᠣᠨᠴᠠᠯᠢᠭ ᠢ ᠦᠨᠳᠦᠰᠦᠯᠡᠨ᠂ ᠵᠣᠬᠢᠬᠤ ᠠᠵᠢᠯ ᠤᠨ ᠭᠤᠤᠯᠳᠠᠯᠭ᠎ᠠ ᠶᠢ ᠲᠣᠰ ᠲᠣᠰ ᠲᠣᠭᠲᠠᠭᠠᠬᠤ ᠶᠢᠨ | ᠬᠠᠮᠲᠤ᠂ ᠬᠢᠨᠠᠯᠲᠠ ᠬᠠᠮᠢᠶᠠᠷᠤᠯᠲᠠ ᠶᠢᠨ ᠠᠵᠢᠯ ᠢ ᠲᠣᠰ ᠲᠣᠰ ᠲᠠᠭᠠᠨ ᠰᠠᠶᠢᠲᠤᠷ ᠬᠢᠵᠦ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠬᠢᠭᠤᠯᠬᠤ ᠦᠢᠯᠡᠳᠦᠯ ᠢ ᠪᠠᠳᠠᠷᠠᠭᠤᠯᠪᠠ᠃ | ᠬᠠᠷᠠᠯᠲᠠ ᠡᠭᠦᠷᠭᠡ ᠪᠠᠨ ᠱᠠᠲᠤ ᠬᠤᠪᠢᠶᠠᠨ ᠪᠡᠶᠡᠯᠡᠭᠦᠯᠪᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︽ᠬᠤᠳᠠᠯᠳᠤᠭᠠᠨ ᠤ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠢ ᠲᠦᠷᠭᠡᠨ ᠠᠬᠢᠭᠤᠯᠬᠤ ᠲᠤᠬᠠᠶ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠡᠷᠡᠭᠵᠢᠭᠦᠯᠬᠦ ᠲᠥᠰᠦᠯ︾ ᠢ ᠢᠵᠢ ᠪᠥᠷᠢᠳᠦᠭᠦᠯᠦᠨ ᠲᠣᠭᠲᠠᠭᠠᠵᠤ᠂ 2020 | ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠬᠤᠳᠠᠯᠳᠤᠭᠠᠨ ᠤ ᠪᠠᠶᠢᠭᠤᠯᠤᠮᠵᠢ ᠶᠢᠨ ᠢᠵᠢ ᠪᠥᠷᠢᠳᠦᠭᠰᠡᠨ | ᠪᠡᠯᠡᠳᠭᠡᠯ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠶᠢ 100 % ᠳᠤ | ᠬᠦᠷᠭᠡᠵᠦ᠂ ᠬᠠᠷᠠᠵᠤ ᠬᠠᠮᠢᠶᠠᠷᠴᠤ ᠲᠣᠭᠲᠠᠴᠠ ᠶᠢ ᠪᠠᠶᠢᠭᠤᠯᠬᠤ ᠶᠢ ᠪᠡᠶᠡᠯᠡᠭᠦᠯᠦᠭᠰᠡᠨ ᠨᠣᠷᠮ᠎ᠠ ᠶᠢ 100 % ᠳᠤ | ᠬᠦᠷᠭᠡᠨ᠎ᠡ ᠭᠡᠵᠦ ᠲᠣᠳᠣᠷᠬᠠᠶ ᠲᠣᠭᠲᠠᠭᠠᠪᠠ᠃ 2021 ᠣᠨ ᠤ 1 ᠳ᠋ᠤᠭᠡᠷ ᠰᠠᠷ᠎ᠠ ᠠᠴᠠ ᠡᠬᠢᠯᠡᠨ᠂ | ᠬᠤᠳᠠᠯᠳᠤᠭᠠᠨ ᠤ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ | ᠴᠤᠭᠯᠠᠭᠤᠯᠬᠤ ᠶᠠᠰᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠵᠢᠷᠤᠮᠵᠢᠭᠰᠠᠨ ᠬᠠᠮᠢᠶᠠᠷᠤᠯᠲᠠ ᠶᠢ | ᠠᠯᠬᠤᠮ ᠠᠯᠬᠤᠮ ᠢᠶᠠᠷ ᠪᠡᠶᠡᠯᠡᠭᠦᠯᠦᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ | ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠴᠡᠪᠡᠷᠯᠡᠨ ᠲᠡᠭᠡᠭᠡᠪᠦᠷᠢᠯᠡᠬᠦ ᠵᠡᠷᠭᠡ ᠭᠤᠭᠴᠤᠭ᠎ᠠ ᠶᠢᠨ | ᠪᠣᠯᠪᠠᠰᠤᠷᠠᠩᠭᠤᠶ ᠠᠵᠢᠯ ᠤᠨ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃ 2022 ᠣᠨ ᠠᠴᠠ ᠬᠤᠶᠢᠰᠢ᠂ | ᠪᠥᠬᠦ ᠬᠤᠲᠠ ᠶᠢᠨ ᠬᠤᠳᠠᠯᠳᠤᠭᠠᠨ ᠤ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠠᠵᠢᠯ ᠢ ᠪᠠᠶᠢᠩᠭᠤᠵᠢᠭᠤᠯᠵᠤ ᠡᠮᠬᠢ ᠵᠢᠷᠤᠮ ᠲᠠᠢ ᠥᠷᠨᠢᠭᠦᠯᠦᠨ᠎ᠡ᠃ | http://mongol.people.com.cn/15833611.html |