ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/12/24
      ᠠᠷᠠᠳ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠬᠠᠨ ᠰᠢᠦᠧᠠᠢ ᠷᠦ᠋︶ ᠮᠠᠨ ᠤ ᠣᠷᠣᠨ ᠶᠠᠰᠤ ᠴᠢᠨᠠᠷ ᠢᠶᠠᠷ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ᠂ ᠲᠦᠷᠦᠯ ᠲᠡᠮᠳᠡᠭᠲᠦ ᠪᠠᠷ ᠲᠠᠷᠢᠶᠠᠯᠠᠩ ᠮᠠᠯ ᠠᠵᠤ ᠠᠬᠤᠢ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠡᠨᠡ ᠵᠢᠯ᠂ ᠪᠥᠬᠦ ᠣᠷᠣᠨ ᠤ ᠲᠠᠷᠢᠮᠠᠯ ᠤᠨ ᠲᠠᠯᠠᠪᠠᠶ 1.36 ᠳ᠋ᠦᠩᠰᠢᠭᠤᠷ ᠮᠥ ᠳᠤ ᠬᠦᠷᠴᠦ᠂ ᠠᠮᠤ ᠪᠤᠳᠠᠭ᠎ᠠ ᠳᠠᠷᠢᠬᠤ ᠲᠠᠯᠠᠪᠠᠶ 1.09 ᠳ᠋ᠦᠩᠰᠢᠭᠤᠷ ᠮᠥ ᠳᠤ ᠬᠦᠷᠴᠦ᠂ ᠤᠯᠤᠰ ᠠᠴᠠ ᠪᠠᠭᠤᠯᠭᠠᠭᠰᠠᠨ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ 730 ᠳ᠋ᠦᠩᠰᠢᠭᠤᠷ ᠭᠠᠷᠤᠢ ᠵᠢᠩ ᠳᠤ ᠬᠦᠷᠴᠦ᠂ ︽ᠠᠷᠪᠠᠨ ᠲᠤᠯᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠤᠭᠰᠠᠨ ︾ ᠪᠠᠶᠢᠨ᠎ᠠ᠃ ᠪᠥᠬᠦ ᠵᠢᠯ ᠤᠨ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠵᠦᠢᠯ ᠤᠨ ᠭᠠᠷᠤᠯᠲᠠ ᠵᠢᠱᠢᠯᠲᠡ ᠪᠠᠷ 260 ᠲᠦᠮᠡᠨ ᠲᠣᠨ ᠳᠤ ᠬᠦᠷᠬᠦ ᠪᠦᠭᠡᠳ ᠨᠢᠳᠤᠨᠤᠨ ᠤ ᠬᠢ ᠲᠠᠢ ᠪᠠᠨ ᠦᠨᠳᠦᠰᠦᠨ ᠳᠡᠭᠡᠨ ᠲᠡᠩᠴᠡᠵᠦ᠂ ︽ᠠᠷᠪᠠᠨ ᠵᠢᠷᠭᠤᠭᠠᠨ ᠵᠢᠯ ᠳᠠᠷᠠᠭᠠᠯᠠᠨ ᠲᠣᠭᠲᠠᠭᠤᠨ ᠪᠠᠶᠢᠬᠤ︾ ᠶᠢ ᠪᠡᠶᠡᠯᠡᠭᠦᠯᠬᠦ ᠪᠣᠯᠤᠮᠵᠢ ᠲᠠᠢ ᠪᠠᠶᠢᠨ᠎ᠠ᠃      ᠮᠠᠨ ᠤ ᠣᠷᠣᠨ ᠪᠣᠯ ᠲᠠᠷᠢᠶᠠᠯᠠᠩ ᠤᠨ ᠲᠠᠷᠢᠮᠠᠯ ᠤᠨ ᠰᠢᠵᠢᠷ ᠠᠯᠲᠠᠨ ᠣᠷᠣᠨ ᠳᠤ ᠪᠠᠶᠢᠷᠢᠯᠠᠵᠤ᠂ ᠪᠦᠬᠦ ᠤᠯᠤᠰ ᠤᠨ ᠠᠮᠤ ᠪᠤᠳᠠᠭᠠᠨ ᠤ 13 ᠭᠤᠣᠯ ᠭᠠᠷᠤᠯᠲᠠ ᠶᠢᠨ ᠣᠷᠣᠨ ᠤ ᠨᠢᠭᠡ ᠪᠣᠯᠬᠤ ᠪᠥᠭᠡᠳ ᠪᠠᠰᠠ ᠤᠰᠤᠨ ᠤ ᠡᠬᠢ ᠪᠠᠶᠠᠯᠢᠭ ᠨᠡᠯᠢᠶᠡᠳ ᠳᠤᠲᠠᠮᠠᠭ ᠭᠠᠵᠠᠷ ᠣᠷᠣᠨ ᠪᠣᠯᠤᠨ᠎ᠠ᠃ ᠮᠠᠨ ᠤ ᠣᠷᠣᠨ ᠨᠢ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠤᠰᠤᠨ ᠤ ᠬᠡᠮᠵᠢᠶ᠎ᠡ ᠶᠢ ᠦᠵᠡᠵᠦ ᠪᠠᠶᠢᠭᠠᠳ ᠭᠡᠷᠡᠭᠯᠡᠬᠦ︾ ᠶᠢ ᠪᠠᠷᠢᠮᠳᠠᠯᠠᠵᠤ᠂ ᠥᠨᠳᠥᠷ ᠪᠦᠲᠦᠮᠵᠢᠲᠡᠶ ᠪᠠᠷ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠤᠰᠤᠨ ᠤ ᠡᠬᠢ ᠪᠠᠶᠠᠯᠢᠭ ᠤᠨ ᠬᠤᠷᠣᠭᠳᠠᠯ ᠢ ᠪᠠᠭᠤᠷᠠᠭᠤᠯᠵᠤ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠲᠥᠯᠥᠪᠯᠡᠭᠡ ᠲᠠᠢ ᠪᠠᠷ ᠬᠤᠵᠢᠷᠯᠢᠭ ᠭᠠᠵᠠᠷ ᠢ ᠰᠠᠶᠢᠵᠢᠷᠠᠭᠤᠯᠵᠠᠢ᠃ 2016 ᠣᠨ ᠠᠴᠠ ᠨᠠᠰᠢ᠂ ᠪᠠᠶᠠᠨᠨᠠᠭᠤᠷ ᠬᠤᠳᠠ ᠶᠢᠨ ᠦᠶᠦᠧᠠᠨ ᠰᠢᠶᠠᠨ ᠵᠡᠷᠭᠡ ᠭᠠᠵᠠᠷ ᠣᠷᠣᠨ ᠳᠤ ᠬᠤᠵᠢᠷᠯᠢᠭ ᠭᠠᠵᠠᠷ ᠢ ᠰᠠᠶᠢᠵᠢᠷᠠᠭᠤᠯᠬᠤ ᠲᠤᠷᠰᠢᠯᠲᠠ ᠬᠢᠵᠦ᠂ ᠢᠯᠡᠳᠲᠡ ᠦᠷ᠎ᠡ ᠪᠦᠲᠦᠮᠵᠢ ᠤᠯᠪᠠ᠃ ᠲᠤᠷᠰᠢᠯᠲᠠ ᠠᠮᠵᠢᠯᠲᠠ ᠣᠯᠤᠭᠰᠠᠨ ᠰᠠᠭᠤᠷᠢᠨ ᠳᠡᠭᠡᠷ᠎ᠡ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ᠂ ᠲᠦᠮᠡᠳ ᠤᠨ ᠲᠠᠯ᠎ᠠ ᠭᠠᠵᠠᠷ᠂ ᠪᠠᠷᠠᠭᠤᠨ ᠯᠢᠶᠣᠤᠾᠧ ᠭᠤᠤᠯ ᠤᠨ ᠲᠠᠯ᠎ᠠ ᠭᠠᠵᠠᠷ ᠤᠨ ᠭᠤᠷᠪᠠᠨ ᠶᠡᠭᠡ ᠤᠰᠤᠯᠠᠯᠲᠠ ᠶᠢᠨ ᠣᠷᠣᠨ ᠤ 1200 ᠭᠠᠷᠤᠶ ᠲᠦᠮᠡᠨ ᠮᠥ ᠬᠤᠵᠢᠷᠯᠢᠭ ᠭᠠᠵᠠᠷ ᠢ ᠰᠠᠶᠢᠵᠢᠷᠠᠭᠤᠯᠬᠤ ᠶᠢ ᠲᠠᠰᠤᠷᠠᠯᠲᠠ ᠥᠬᠡᠶ ᠠᠬᠢᠭᠤᠯᠵᠠᠢ᠃      ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤ ᠲᠠᠷᠢᠮᠠᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠣᠷᠮ᠎ᠠ 98 % ᠠᠴᠠ ᠳᠡᠭᠡᠭᠰᠢ ᠪᠠᠷ ᠲᠣᠭᠲᠠᠪᠤᠷᠢᠵᠢᠵᠦ᠂ ᠮᠠᠯ ᠵᠢᠭᠦᠷᠲᠡᠨ ᠤ ᠡᠭᠦᠯᠳᠡᠷ ᠢ  ᠰᠠᠶᠢᠵᠢᠷᠠᠭᠤᠯᠤᠬᠰᠠᠨ ᠨᠣᠷᠮ᠎ᠠ 95 % ᠠᠴᠠ ᠳᠡᠭᠡᠭᠰᠢ ᠳᠤ ᠬᠦᠷᠴᠡᠢ᠃ ᠡᠭᠦᠨ ᠤ ᠬᠠᠮᠲᠤ ᠤᠯᠤᠰ ᠤᠨ ᠠᠮᠤ ᠪᠤᠳᠠᠭᠠᠨ ᠤ ᠲᠠᠷᠢᠮᠠᠯ ᠢ ᠪᠣᠷᠳᠣᠭᠠᠨ ᠲᠠᠷᠢᠮᠠᠯ ᠪᠣᠯᠭᠠᠨ ᠥᠭᠡᠷᠡᠴᠢᠯᠡᠬᠦ ᠲᠤᠷᠰᠢᠯᠲᠠ ᠪᠠᠷ ᠠᠵᠠ ᠲᠣᠬᠢᠶᠠᠯ ᠪᠣᠯᠭᠠᠨ᠂ ᠮᠠᠯ ᠠᠵᠤ ᠠᠬᠤᠶ ᠶᠢᠨ ︽ᠬᠤᠨᠢ ᠶᠢ ᠲᠣᠭᠲᠠᠪᠤᠷᠢᠵᠢᠭᠤᠯᠵᠤ ᠦᠬᠡᠷ ᠢ ᠨᠡᠮᠡᠭᠳᠡᠭᠦᠯᠬᠦ︾᠂ ᠲᠠᠷᠢᠮᠠᠯ ᠤᠨ  ᠦᠢᠯᠡᠰ ᠤᠨ ︽ᠠᠮᠤ ᠪᠤᠳᠠᠭᠠᠨ ᠤ ᠲᠠᠷᠢᠮᠠᠯ ᠢ ᠲᠣᠭᠲᠠᠪᠤᠷᠢᠵᠢᠭᠤᠯᠵᠤ ᠠᠵᠤ ᠠᠬᠤᠶ ᠶᠢᠨ ᠲᠠᠷᠢᠮᠠᠯ ᠢ ᠰᠢᠯᠢᠳᠡᠭᠵᠢᠭᠦᠯᠬᠦ ᠡᠪᠡᠰᠦ ᠪᠣᠷᠳᠤᠭ᠎ᠠ ᠶᠢ ᠥᠷᠭᠡᠳᠬᠡᠬᠦ︾ ᠶᠢ ᠠᠬᠢᠭᠤᠯᠪᠠ᠃ 2020 ᠣᠨ ᠳᠤ᠂ ᠮᠠᠨ ᠤ ᠣᠷᠣᠨ ᠨᠢ ᠪᠥᠬᠦ ᠤᠯᠤᠰ ᠤᠨ ᠠᠮᠤ ᠪᠤᠳᠠᠭᠠᠨ ᠤ ᠲᠠᠷᠢᠮᠠᠯ ᠢ ᠪᠣᠷᠳᠣᠭᠠᠨ ᠲᠠᠷᠢᠮᠠᠯ ᠪᠣᠯᠭᠠᠨ ᠥᠭᠡᠷᠡᠴᠢᠯᠡᠭᠰᠡᠨ ᠠᠮᠵᠢᠯᠲᠠ ᠪᠦᠲᠦᠮᠵᠢ ᠤᠯᠤᠬᠰᠠᠨ ᠰᠢᠯᠢᠳᠡᠭ ᠢᠶᠠᠷ ᠲᠤᠳᠤᠷᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ 2000 ᠲᠦᠮᠡᠨ ᠮᠦ ᠳᠤ ᠬᠦᠷᠭᠡᠵᠦ᠂ ᠴᠠᠷᠭᠠᠰᠤ ᠶᠢᠨ ᠲᠠᠯᠠᠪᠠᠢ ᠶᠢ 1500 ᠲᠦᠮᠡᠨ ᠮᠦ ᠳᠤ ᠬᠦᠷᠭᠡᠵᠦ᠂ ᠴᠢᠨᠠᠷ ᠰᠠᠶᠢᠲᠠᠢ ᠡᠪᠡᠰᠦᠨ ᠤ ᠪᠦᠲᠦᠭᠡᠭᠳᠡᠬᠦᠨ ᠤ ᠵᠢᠯ ᠤᠨ ᠦᠢᠯᠡᠳᠪᠦᠷᠢᠯᠡᠯ ᠤᠨ ᠴᠢᠳᠠᠪᠤᠷᠢ ᠶᠢ 300 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠎ᠠ᠃ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠶᠡᠭᠡ ᠪᠠᠷ ᠠᠬᠢᠭᠤᠯᠵᠤ᠂ ᠨᠤᠲᠤᠭ ᠪᠡᠯᠴᠢᠭᠡᠷ ᠤᠨ ᠲᠥᠷᠥᠯ ᠬᠡᠯᠪᠡᠷᠢ ᠪᠠ ᠠᠮᠢ ᠠᠬᠤᠶ ᠶᠢᠨ ᠪᠠᠶᠢᠳᠠᠯ ᠢ ᠦᠨᠳᠦᠰᠦᠯᠡᠨ᠂ ᠪᠡᠯᠴᠢᠭᠡᠷᠯᠡᠭᠦᠯᠬᠦ ᠶᠢ ᠵᠤᠬᠰᠤᠭᠠᠬᠤ ᠣᠷᠣᠨ ᠪᠠ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠣᠷᠣᠨ ᠢ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ ᠮᠠᠯ ᠤᠨ ᠡᠭᠦᠯᠳᠡᠷ ᠮᠠᠯ ᠰᠦᠷᠦᠭ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠠᠶᠢᠨ ᠡᠭᠦᠯᠳᠡᠷ ᠤᠨ ᠨᠣᠷᠮ᠎ᠠ ᠪᠠ ᠨᠢᠭᠡᠴᠢ ᠶᠢᠨ ᠭᠠᠷᠤᠯᠲᠠ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠠᠯ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠵᠤ᠂ ᠪᠠᠷᠢᠮᠵᠢᠶᠠᠵᠢᠭᠤᠯᠤᠨ ᠲᠡᠵᠢᠭᠡᠬᠦ ᠶᠢ ᠬᠡᠷᠡᠭᠵᠢᠭᠦᠯᠦᠨ᠂ ᠢᠳᠡᠰᠢᠨ ᠦᠬᠡᠷ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠢᠳᠡᠰᠢᠨ ᠤ ᠪᠠ ᠰᠦᠨ ᠤ ᠬᠤᠣᠰ ᠬᠡᠷᠡᠭᠴᠡᠭᠡᠨ ᠤ ᠲᠥᠷᠥᠯ ᠵᠦᠢᠯ ᠤᠨ ᠬᠥᠭᠵᠢᠯᠲᠡ ᠶᠢ ᠳᠠᠮᠵᠢᠨ᠎ᠠ᠃      ᠰᠠᠭᠠᠯᠢ ᠶᠢᠨ ᠦᠢᠯᠡᠰ ᠢᠳᠡᠷᠡᠭᠦᠨ ᠢᠶᠠᠷ ᠬᠦᠭᠵᠢᠵᠦ ᠪᠠᠶᠢᠨ᠎ᠠ᠃ ᠮᠠᠨ ᠤ ᠣᠷᠣᠨ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠶ᠂ ᠰᠦ ᠶᠢᠨ ᠭᠠᠷᠤᠯᠲᠠ ᠵᠢᠴᠢ ᠡᠳ᠋ᠰᠢᠭᠦᠯᠬᠦ ᠴᠢᠳᠠᠪᠤᠷᠢ ᠪᠠᠷ ᠢᠶᠠᠨ ᠴᠥᠮ ᠪᠥᠬᠦ ᠤᠯᠤᠰ ᠲᠤ ᠲᠡᠷᠢᠬᠦᠯᠡᠵᠦ ᠪᠤᠢ᠃ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠲᠥᠯᠥᠪᠵᠢᠭᠦᠯᠭᠡ ᠪᠣᠯᠤᠨ ᠪᠠᠶᠢᠷᠢᠯᠠᠭᠤᠯᠤᠯᠲᠠ ᠶᠢᠨ ᠲᠠᠯ᠎ᠠ ᠪᠠᠷ᠂ ᠮᠠᠨ ᠤ ᠣᠷᠣᠨ ᠬᠠᠲᠤᠨ ᠭᠤᠣᠯ ᠤᠨ ᠰᠠᠪᠠ ᠭᠠᠵᠠᠷ᠂ ᠨᠤᠨ ᠮᠥᠷᠡᠨ ᠤ ᠰᠠᠪᠠ ᠭᠠᠵᠠᠷ᠂ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ᠂ ᠬᠥᠯᠥᠨ ᠪᠤᠶᠢᠷ ᠤᠨ ᠲᠠᠯ᠎ᠠ ᠨᠤᠲᠤᠭ ᠪᠣᠯᠤᠨ ᠰᠢᠯᠢ ᠶᠢᠨ ᠭᠤᠣᠯ ᠤᠨ ᠲᠠᠯ᠎ᠠ ᠨᠤᠲᠤᠭ ᠤᠨ ᠲᠠᠪᠤᠨ ᠶᠡᠭᠡ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠪᠠ᠃ ᠢᠯᠢ᠂ ᠮᠧᠩ ᠨᠢᠤ ᠶᠢᠨ ᠲᠣᠮᠣ ᠰᠠᠭᠤᠷᠢᠨ ᠭᠠᠵᠠᠷ᠂ ᠲᠣᠮᠣ ᠮᠠᠯᠵᠢᠯ ᠤᠨ ᠲᠠᠯᠠᠪᠠᠢ ᠪᠠᠶᠢᠭᠤᠯᠬᠤ ᠶᠢ ᠳᠠᠮᠵᠢᠵᠤ᠂ ᠲᠠᠷᠢᠵᠤ ᠲᠡᠵᠢᠭᠡᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠬᠤ ᠶᠢ ᠬᠡᠷᠡᠭᠵᠢᠬᠦᠯᠪᠡ᠃ ᠡᠭᠦᠨ ᠤ ᠬᠠᠮᠲᠤ᠂ ᠬᠤᠯᠢᠮᠠᠭ ᠥᠮᠴᠢᠯᠡᠯ ᠤᠨ ᠳᠦᠷᠢᠮᠲᠦ ᠬᠡᠯᠪᠡᠷᠢ ᠪᠠᠷ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠮᠠᠯᠵᠢᠯ ᠤᠨ ᠲᠠᠯᠠᠪᠠᠶ ᠪᠠᠶᠢᠭᠤᠯᠬᠤ ᠶᠢ ᠵᠣᠷᠢᠭᠵᠢᠭᠤᠯᠵᠤ᠂ ᠮᠠᠯᠴᠢᠨ ᠲᠠᠷᠢᠶᠠᠴᠢᠨ ᠤ ᠭᠠᠵᠠᠷ ᠰᠢᠷᠣᠶ᠂ ᠰᠠᠭᠠᠯᠢ ᠶᠢᠨ ᠦᠨᠢᠶ᠎ᠡ᠂ ᠪᠠᠯᠠ ᠮᠥᠩᠭᠦ ᠪᠠᠷ ᠢᠶᠠᠨ ᠬᠤᠪᠢ ᠣᠷᠣᠵᠤ ᠪᠥᠲᠥᠭᠡᠨ ᠪᠠᠶᠢᠭᠤᠯᠬᠤ ᠶᠢ ᠳᠡᠮᠵᠢᠵᠦ᠂ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ᠂ ᠠᠵᠤ ᠠᠬᠤᠶᠢᠯᠠᠯ ᠤᠨ ᠲᠦᠷᠢᠶᠡᠰᠦᠯᠡᠬᠦ ᠰᠢᠨ᠎ᠡ ᠵᠠᠭᠪᠤᠷ ᠢ ᠰᠦᠪᠡᠭᠴᠢᠯᠡᠪᠡ᠃ 2019 ᠣᠨ ᠠᠴᠠ ᠡᠬᠢᠯᠡᠨ᠂ ᠮᠠᠨ ᠤ ᠣᠷᠣᠨ ᠤ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠶ ᠂ ᠰᠦ ᠶᠢᠨ ᠭᠠᠷᠤᠯᠲᠠ ᠰᠡᠷᠭᠦᠯᠲᠡ ᠶᠢᠨ ᠴᠢᠨᠠᠷᠲᠠᠶ ᠪᠠᠷ ᠨᠡᠮᠡᠭᠳᠡᠵᠦ᠂ ᠦᠨᠢᠶᠡᠨ ᠰᠦ ᠶᠢᠨ ᠭᠠᠷᠤᠯᠲᠠ ᠪᠠᠷ ᠢᠶᠠᠨ ᠪᠥᠬᠦ ᠤᠯᠤᠰ ᠤᠨ ᠴᠣᠷ ᠤᠨ ᠭᠠᠭᠴᠠ 500 ᠲᠦᠮᠡᠨ ᠲᠣᠨ ᠢ ᠳᠠᠪᠠᠭᠰᠠᠨ ᠮᠤᠵᠢ ᠣᠷᠣᠨ ᠪᠣᠯᠵᠠᠢ᠃      ᠮᠠᠯᠵᠢᠬᠤ ᠣᠷᠣᠨ ᠤ ᠣᠳᠣᠬᠢᠴᠢᠯᠠᠯᠲᠠ ᠦᠭᠡᠢ ᠪᠣᠯ ᠪᠦᠬᠦ ᠣᠷᠣᠨ ᠤ ᠣᠳᠣᠬᠢᠴᠢᠯᠠᠯᠲᠠ ᠪᠠᠶᠢᠵᠤ ᠴᠢᠳᠠᠬᠤ ᠦᠭᠡᠢ᠃ ᠮᠠᠨ ᠤ ᠣᠷᠣᠨ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠮᠠᠯᠵᠢᠬᠤ ᠣᠷᠣᠨ ᠤ ᠦᠢᠯᠡᠳᠪᠦᠷᠢᠯᠡᠯ ᠢ ᠬᠥᠭᠵᠢᠭᠦᠯᠬᠦ᠂ ᠮᠠᠯᠴᠢᠳ ᠤᠨ ᠠᠮᠢᠳᠤᠷᠠᠯ ᠢ ᠴᠢᠨᠡᠭᠡᠯᠢᠭᠵᠢᠭᠦᠯᠬᠦ᠂ ᠨᠤᠲᠤᠭ ᠪᠡᠯᠴᠢᠭᠡᠷ ᠠᠮᠢ ᠠᠬᠤᠶ ᠶᠢ ᠰᠠᠶᠢᠨ ᠰᠠᠶᠢᠬᠠᠨ ᠪᠠᠶᠢᠯᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠲᠣ ᠦᠶ᠎ᠡ ᠶᠢᠨ ᠮᠠᠯ ᠠᠵᠤ ᠠᠬᠤᠶ ᠶᠢ ᠲᠦᠷᠭᠡᠨ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ  ᠦᠢᠯᠡᠰ ᠠᠭᠤᠰᠤᠯᠴᠠᠨ ᠬᠥᠭᠵᠢᠬᠦ ᠶᠢ ᠠᠬᠢᠭᠤᠯᠵᠦ᠂ ᠮᠠᠯᠵᠢᠬᠤ ᠣᠷᠣᠨ ᠤ ᠡᠯ᠎ᠡ ᠵᠦᠢᠯ ᠤᠨ ᠨᠡᠶᠢᠭᠡᠮ ᠤᠨ  ᠦᠢᠯᠡᠰ ᠤᠨ ᠪᠥᠬᠦ ᠲᠠᠯ᠎ᠠ ᠪᠠᠷ ᠳᠠᠪᠰᠢᠬᠤ ᠶᠢ ᠠᠬᠢᠭᠤᠯᠵᠤ᠂ ᠥᠷᠭᠡᠨ ᠣᠯᠠᠨ ᠮᠠᠯᠴᠢᠳ ᠲᠠᠢ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠪᠠ ᠲᠥᠪ ᠭᠤᠤᠯᠴᠢ ᠪᠠᠷ ᠬᠥᠭᠵᠢᠬᠦ ᠲᠣᠬᠢᠶᠠᠯ ᠢ ᠬᠠᠮᠲᠤᠪᠠᠷ ᠡᠳ᠋ᠯᠡᠪᠡ᠃      ᠮᠠᠨ ᠤ ᠣᠷᠣᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠬᠢᠩᠭᠠᠨ ᠤ ᠲᠤᠲᠤᠷᠭ᠎ᠠ᠂ ᠤᠯᠠᠭᠠᠨᠬᠠᠳᠠ ᠶᠢᠨ ᠨᠠᠷᠢᠮᠤ᠂ ᠤᠯᠠᠭᠠᠨᠴᠠᠪ ᠤᠨ ᠲᠥᠮᠥᠰᠥ᠂ ᠰᠢᠯᠢ ᠶᠢᠨ ᠭᠤᠤᠯ ᠤᠨ ᠪᠢᠰᠢᠯᠠᠭ᠂ ᠰᠢᠯᠢ ᠶᠢᠨ ᠭᠤᠤᠯ ᠤᠨ ᠬᠤᠨᠢᠨ ᠮᠢᠬ᠎ᠠ᠂ ᠬᠤᠷᠴᠢᠨ ᠤ ᠦᠬᠡᠷ ᠤᠨ ᠮᠢᠬ᠎ᠠ᠂ ᠬᠥᠯᠥᠨ ᠪᠤᠶᠢᠷ ᠤᠨ ᠭᠤᠷᠪᠡᠨ ᠭᠤᠤᠯ ᠤᠨ ᠦᠬᠡᠷ ᠵᠡᠷᠭᠡ ᠨᠢᠭᠡ ᠪᠦᠯᠦᠭ ᠪᠥᠬᠦ ᠤᠯᠤᠰ ᠤᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠤᠨ ᠭᠠᠷᠭᠠᠵᠤ᠂ ᠢᠯᠠᠩᠭᠤᠶ᠎ᠠ ᠲᠩᠷᠢ ᠶᠢᠨ ᠬᠡᠰᠢᠭᠲᠦ ᠪᠣᠷᠣᠲᠣᠬᠤᠶ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠨᠢ ᠬᠠᠭᠠᠰᠬᠠᠨ ᠵᠢᠯ ᠤᠨ ᠬᠤᠭᠤᠴᠠᠭᠠᠨ ᠳᠤ᠂ 2018 ᠣᠨ ᠤ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠤ ᠨᠡᠷᠡᠰ ᠤᠨ ᠵᠢᠭᠰᠠᠭᠠᠯᠲᠠ ᠳᠤ ᠬᠤᠶᠠᠳᠤᠭᠠᠷ ᠲᠤ ᠣᠷᠣᠵᠤ᠂ ᠦᠢᠯᠡᠳᠭᠦᠨ ᠤ ᠦᠨ᠎ᠡ ᠬᠠᠨᠭ᠍ᠰᠢ ᠨᠢ 20 %  ᠠᠴᠠ ᠳᠡᠭᠡᠭᠰᠢ ᠦᠰᠪᠡ᠃ ᠣᠯᠠᠨ ᠶᠠᠩᠵᠤ ᠬᠡᠯᠪᠡᠷᠢ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠠᠳ᠂ ︽ᠪᠣᠬᠢᠷᠲᠤᠯ ᠥᠬᠡᠶ ᠥᠪᠥᠷ ᠮᠣᠩᠭᠤᠯ︾ ᠨᠢ ᠨᠢᠭᠡᠨᠲᠡ ᠣᠷᠣᠨ ᠪᠦᠰᠡ ᠶᠢᠨ ᠴᠢᠨᠠᠷᠲᠠᠶ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠪᠣᠯᠪᠠ᠃      ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠠᠵᠢᠯᠯᠠᠭᠠᠨ ᠤ ᠲᠥᠯᠥᠪᠯᠡᠭᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠲᠦᠴᠢᠦᠸᠠᠨ ᠰᠢᠶᠠᠨ ᠵᠡᠷᠭᠡ 22 ᠬᠤᠰᠢᠭᠤ ᠰᠢᠶᠠᠨ ᠳᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢ ᠥᠷᠨᠢᠭᠦᠯᠪᠠ᠃ ᠣᠳᠣᠬᠠᠨ ᠳᠤ᠂ ᠪᠥᠬᠦ ᠣᠷᠣᠨ ᠤ 96.3 % ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠶᠢ ᠦᠨᠳᠦᠰᠦᠨ ᠳᠡᠭᠡᠨ ᠪᠠᠶᠢᠭᠤᠯᠵᠤ᠂ ᠬᠤᠭ ᠨᠣᠪᠰᠢ ᠣᠪᠣᠭᠠᠯᠠᠬᠤ ᠵᠢᠩᠬᠢᠨᠢ ᠪᠤᠰᠤ ᠭᠠᠵᠠᠷ ᠢ 100 % ᠪᠠᠷ ᠴᠡᠭᠴᠡᠯᠡᠨ ᠵᠠᠰᠠᠵᠤ᠂ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ 86.5 % ᠳᠤ ᠬᠦᠷᠴᠤ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠢᠯᠭᠠᠳᠠᠰᠤ ᠶᠢ  ᠰᠢᠢᠳᠪᠦᠷᠢᠯᠡᠬᠦ ᠪᠡᠯᠡᠳᠬᠡᠯ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ ᠨᠣᠷᠮ᠎ᠠ 98.2 %  ᠲᠤ ᠬᠦᠷᠴᠦ᠂ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠵᠠᠢ᠃      ᠬᠠᠲᠤᠨ ᠭᠤᠣᠯ ᠤᠨ ᠦᠶᠡᠷ ᠢ ᠰᠡᠷᠭᠡᠶᠢᠯᠡᠬᠦ ︵ᠰᠦᠡᠭ ᠬᠠᠯᠢᠶ᠎ᠠ︶ ᠵᠢᠴᠢ ᠦᠶᠡᠷ ᠤᠨ ︵ᠰᠦᠡᠭ ᠬᠠᠯᠢᠶ᠎ᠠ︶ ᠤᠰᠤ ᠶᠢ ᠠᠰᠢᠭᠯᠠᠬᠤ ᠠᠵᠢᠯ ᠢ ᠴᠢᠩᠭᠠᠳᠬᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠨᠡᠶᠢᠲᠡ 11.13 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠦᠶᠡᠷ ᠤᠨ ᠤᠰᠤ ᠶᠢ ᠰᠠᠯᠭᠠᠵᠤ᠂ ᠳᠣᠤᠷᠠᠳᠤ ᠤᠷᠤᠰᠬᠠᠯ ᠤᠨ ᠭᠤᠤᠯ ᠤᠨ ᠵᠠᠮ ᠤᠨ ᠦᠶᠡᠷ ᠢ ᠰᠡᠷᠭᠡᠶᠢᠯᠡᠬᠦ ︵ᠰᠦᠡᠭ ᠬᠠᠯᠢᠶ᠎ᠠ︶ ᠳᠠᠷᠤᠯᠲᠠ ᠶᠢ ᠶᠡᠭᠡ ᠪᠠᠷ ᠬᠥᠩᠭᠡᠷᠡᠭᠦᠯᠪᠡ᠃ ᠬᠠᠲᠤᠨ ᠭᠤᠤᠯ ᠤᠨ ᠰᠦᠡᠭ ᠬᠠᠯᠢᠶ᠎ᠠ ᠶᠢᠨ ᠦᠶᠡᠷ ᠤᠨ ᠬᠤᠭᠤᠴᠠᠭ᠎ᠠ ᠠᠴᠠ ᠭᠠᠳᠠᠨ᠎ᠠ᠂ ᠨᠠᠮᠤᠷ ᠤᠨ ᠤᠰᠤᠯᠠᠯᠲᠠ ᠶᠢᠨ ᠳᠠᠷᠠᠭᠠᠬᠢ ᠤᠷᠤᠰᠬᠠᠯ ᠤᠨ ᠰᠦᠡᠭ ᠬᠠᠯᠢᠶ᠎ᠠ ᠠᠴᠠ ᠡᠮᠦᠨᠡᠬᠢ ᠬᠡᠰᠡᠭ ᠵᠢᠴᠢ ᠤᠰᠤᠯᠠᠯᠲᠠ ᠶᠢᠨ ᠬᠤᠭᠤᠴᠠᠭᠠᠨ ᠤ ᠰᠤᠯᠠ ᠰᠡᠯᠡᠭᠦᠤ ᠴᠠᠭ ᠢ ᠠᠰᠢᠭᠯᠠᠵᠤ᠂ ᠤᠯᠠᠭᠠᠨᠰᠤᠬᠠᠢ ᠳᠤ ᠨᠡᠶᠢᠲᠡ 23.5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠪᠡ︔ ᠶᠦᠩ ᠰᠢᠩ ᠤᠰᠤᠨ ᠴᠥᠭᠦᠷᠥᠮ ᠤᠨ ᠤᠰᠤ ᠲᠠᠲᠠᠬᠤ ᠢᠨᠵᠧᠨᠧᠷᠢᠩ ᠢᠶᠠᠷ ᠳᠠᠮᠵᠢᠭᠤᠯᠤᠨ ᠳᠠᠭ᠎ᠠ ᠶᠢᠨ ᠨᠠᠭᠤᠷ ᠲᠤ 851.8 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠪᠡ︔ ᠪᠤᠷᠵᠠᠩ ᠨᠠᠭᠤᠷ ᠤᠨ ᠠᠮᠢ ᠠᠬᠤᠶ ᠳᠤ ᠨᠡᠶᠢᠲᠡ 2261 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠵᠡᠶ᠃http://mongol.people.com.cn/15833615.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号