ᠰᠢᠨᠬᠤᠧᠠ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 22 ᠤᠨ ᠡᠳᠦᠷ ᠤᠨ ᠮᠡᠳᠡᠭᠡ ︵ᠯᠢ ᠴᠢᠶᠠᠨ | ︶ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ | ᠺᠣᠮᠫᠠᠨᠢ ᠶᠢᠨ ᠮᠡᠳᠡᠭᠡ ᠶᠢ ᠦᠨᠳᠦᠰᠦᠯᠡᠪᠡᠯ᠂ ᠲᠡᠮᠦᠷ ᠵᠠᠮ ᠤᠨ ᠰᠠᠯᠠᠭ᠎ᠠ ᠮᠥᠴᠢᠷ ᠨᠢ 2021 ᠣᠨ ᠤ 1 ᠰᠠᠷ᠎ᠠ ᠶᠢᠨ | 20 ᠤ ᠡᠳᠦᠷ ᠤᠨ ᠲᠡᠭ ᠴᠠᠭ ᠠᠴᠠ ᠭᠠᠯᠳᠤ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠬᠡᠷᠡᠭᠵᠢᠭᠦᠯᠬᠦ ᠪᠠᠷ | ᠲᠥᠯᠥᠪᠯᠡᠵᠦ ᠪᠠᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠰᠠᠯᠠᠭ᠎ᠠ | ᠮᠥᠴᠢᠷ ᠨᠢ ᠵᠧᠩᠵᠧᠤ᠂ ᠵᠢᠨᠠᠨ ᠳᠤ ᠰᠢᠭᠤᠳ ᠨᠡᠪᠲᠡᠷᠡᠬᠦ ᠬᠥᠳᠡᠯᠭᠡᠭᠦᠷᠲᠦ ᠴᠤᠪᠤᠭ᠎ᠠ ᠲᠡᠷᠭᠡ ᠶᠢ ᠰᠢᠨ᠎ᠡ ᠪᠠᠷ ᠨᠡᠮᠡᠵᠦ | ᠲᠤᠬᠢᠷᠠᠭᠤᠯᠬᠤ ᠪᠠᠷ ᠪᠤᠢ᠂ ᠢᠡᠭᠭᠢᠪᠡᠯ ᠥᠪᠥᠷ ᠮᠣᠩᠭᠤᠯ ᠤᠨ ᠪᠡᠭᠡᠵᠢᠩ ᠳᠤ ᠤᠷᠤᠬᠤ ᠲᠦᠷᠭᠡᠨ ᠤ ᠭᠠᠯᠲᠤ ᠲᠡᠷᠭᠡ | ᠶᠢᠨ ᠲᠤᠭ᠎ᠠ ᠬᠡᠮᠵᠢᠶ᠎ᠡ ᠨᠡᠮᠡᠭᠳᠡᠬᠦ ᠪᠣᠯᠤᠨ᠎ᠠ᠃ | ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠬᠥᠬᠡᠬᠤᠲᠠ ᠶᠢᠨ ᠵᠡᠭᠦᠨ ᠥᠷᠲᠡᠭᠡ ᠠᠴᠠ ᠵᠧᠩᠵᠧᠤ ᠬᠦᠷᠬᠦ᠂ ᠪᠤᠭᠤᠲᠤ ᠠᠴᠠ ᠵᠧᠩᠵᠧᠤ ᠬᠥᠷᠬᠦ ᠵᠢᠴᠢ | ᠬᠥᠬᠡᠬᠤᠲᠠ ᠶᠢᠨ ᠵᠡᠭᠦᠨ ᠥᠷᠲᠡᠭᠡ ᠠᠴᠠ ᠵᠢᠨᠠᠨ ᠤ ᠪᠠᠷᠠᠭᠤᠨ ᠥᠷᠲᠡᠭᠡ ᠬᠥᠷᠬᠦ 3 ᠬᠤᠤᠰ ᠰᠢᠭᠤᠳ ᠨᠡᠪᠲᠡᠷᠡᠬᠦ | ᠬᠥᠳᠡᠯᠭᠡᠭᠦᠷᠲᠦ ᠴᠤᠪᠤᠭ᠎ᠠ ᠲᠡᠷᠭᠡ ᠰᠢᠨ᠎ᠡ ᠪᠠᠷ ᠨᠡᠮᠡᠭᠳᠡᠬᠦ ᠪᠤᠯᠤᠨ᠎ᠠ᠂ ᠡᠨᠡ ᠨᠢ ᠮᠥᠨ ᠴᠦ ᠥᠪᠥᠷ ᠮᠣᠩᠭᠤᠯ ᠤᠨ | ᠳᠤᠮᠳᠠ ᠪᠠᠷᠠᠭᠤᠨ ᠬᠡᠰᠡᠭ ᠠᠴᠠ ᠠᠩᠬ᠎ᠠ ᠤᠳᠠᠭ᠎ᠠ 6 ᠴᠠᠭ ᠠᠴᠠ ᠳᠡᠭᠡᠭᠰᠢᠬᠢ ᠠᠶᠠᠯᠠᠬᠤ ᠬᠥᠳᠡᠯᠭᠡᠭᠦᠷᠲᠦ ᠴᠤᠪᠤᠭ᠎ᠠ | ᠲᠡᠷᠭᠡ ᠪᠣᠯᠬᠤ ᠶᠤᠮ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ | ᠪᠡᠭᠡᠵᠢᠩ ᠳᠤ ᠤᠷᠤᠬᠤ ᠡᠳᠦᠷ ᠲᠤᠲᠤᠮ ᠤᠨ ᠠᠶᠠᠯᠠᠬᠤ ᠲᠦᠷᠭᠡᠨ ᠤ ᠭᠠᠯᠲᠤ ᠲᠡᠷᠭᠡ ᠶᠢ 28 ᠬᠤᠤᠰ ᠪᠣᠯᠭᠠᠨ | ᠲᠣᠬᠢᠷᠠᠭᠤᠯᠵᠤ᠂ ᠭᠠᠷᠠᠭ ᠤᠨ ᠲᠠᠪᠤᠨ᠂ ᠵᠢᠷᠭᠤᠭᠠᠨ᠂ ᠭᠠᠷᠠᠭ ᠤᠨ ᠡᠳᠦᠷ ᠪᠠ ᠣᠷᠭᠢᠯ ᠤᠨ ᠦᠶ᠎ᠡ ᠳᠤ 31 ᠬᠤᠤᠰ | ᠪᠣᠯᠭᠠᠨ ᠨᠡᠮᠡᠭᠳᠡᠬᠦᠯᠵᠦ᠂ ᠡᠴᠦᠰ ᠤᠨ ᠥᠷᠲᠡᠭᠡ ᠠᠴᠠ ᠪᠡᠭᠡᠵᠢᠩ ᠤᠨ ᠬᠤᠶᠢᠲᠤ ᠥᠷᠲᠡᠭᠡ ᠬᠥᠷᠬᠦ ᠭᠠᠯᠲᠤ ᠲᠡᠷᠭᠡ ᠶᠢ | 8 ᠡᠭᠡᠯᠵᠢ ᠠᠴᠠ ᠨᠢ 10 ᠡᠭᠡᠯᠵᠢ ᠪᠣᠯᠭᠠᠨ ᠨᠡᠮᠡᠭᠳᠡᠬᠦᠯᠬᠦ ᠪᠠᠷ ᠪᠠᠶᠢᠨ᠎ᠠ᠃ ᠬᠥᠬᠡᠬᠤᠲᠠ ᠶᠢᠨ ᠵᠡᠭᠦᠨ ᠦᠷᠳᠡᠭᠡ | ᠪᠣᠯᠤᠨ ᠲᠠᠶᠢᠶᠦᠧᠠᠨ ᠤ ᠡᠮᠦᠨ᠎ᠡ ᠦᠷᠳᠡᠭᠡ ᠶᠢᠨ ᠬᠤᠭᠤᠷᠣᠨᠳᠣ ᠠᠶᠠᠯᠠᠵᠤ ᠪᠠᠶᠢᠭ᠎ᠠ 2 ᠬᠤᠣᠰ ᠲᠦᠷᠭᠡᠨ ᠤ ᠭᠠᠯᠲᠤ | ᠲᠡᠷᠭᠡ ᠶᠢ ᠪᠤᠭᠤᠲᠤ ᠪᠣᠯᠤᠨ ᠲᠠᠶᠢᠶᠦᠧᠠᠨ ᠤ ᠡᠮᠦᠨ᠎ᠡ ᠦᠷᠳᠡᠭᠡ ᠶᠢᠨ ᠬᠤᠭᠤᠷᠣᠨᠳᠣ ᠠᠶᠠᠯᠠᠬᠤ ᠪᠤᠯᠭᠠᠨ | ᠤᠷᠳᠤᠳᠬᠠᠵᠤ᠂ ᠨᠡᠩ ᠤᠯᠠᠨ ᠠᠶᠠᠨᠴᠢᠳ ᠤᠨ ᠶᠠᠪᠤᠵᠤ ᠰᠠᠭᠤᠬᠤ ᠳᠤ ᠲᠦᠬᠦᠮ ᠦᠵᠡᠭᠦᠯᠬᠦ ᠪᠤᠯᠤᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠣᠬᠢᠷᠠᠭᠤᠯᠤᠯᠲᠠ ᠳᠤ ᠬᠥᠬᠡᠬᠤᠲᠠ ᠠᠴᠠ ᠯᠢᠨ ᠾᠧ ᠬᠥᠷᠬᠦ᠂ | ᠦᠬᠠᠶ ᠠᠴᠠ ᠣᠷᠳᠣᠰ ᠬᠥᠷᠬᠦ 2 ᠬᠤᠤᠰ ᠠᠶᠠᠨᠴᠢᠳ ᠤᠨ ᠲᠦᠷᠭᠡᠨ ᠤ ᠭᠠᠯᠳᠤ ᠲᠡᠷᠭᠡ ᠶᠢ ᠰᠢᠨ᠎ᠡ ᠪᠠᠷ | ᠲᠣᠬᠢᠷᠠᠭᠤᠯᠪᠠ᠃ ᠬᠥᠬᠡᠬᠤᠲᠠ᠂ ᠪᠤᠭᠤᠲᠤ᠂ ᠣᠷᠳᠣᠰ᠂ ᠦᠬᠠᠶ ᠶᠢᠨ ᠬᠤᠭᠤᠷᠣᠨᠳᠣ ᠡᠳᠦᠷ ᠪᠦᠷᠢ 20 ᠬᠤᠤᠰ | ᠬᠥᠳᠡᠯᠭᠡᠭᠦᠷᠲᠦ ᠴᠤᠪᠤᠭ᠎ᠠ ᠲᠡᠷᠭᠡ ᠠᠶᠠᠯᠠᠬᠤ ᠪᠣᠯᠭᠠᠨ ᠨᠡᠮᠡᠭᠳᠡᠭᠦᠯᠵᠦ᠂ ᠳᠥᠷᠪᠡᠨ ᠭᠠᠵᠠᠷ ᠤᠨ ᠬᠤᠭᠤᠷᠣᠨᠳᠣᠬᠢ | ᠬᠤᠲᠠ ᠶᠢᠨ ᠬᠤᠭᠤᠷᠣᠨᠳᠣᠬᠢ ᠦᠢᠯᠡᠳᠦᠯ ᠢ ᠨᠢ ᠤᠯᠠᠮ ᠨᠢᠭᠡ ᠠᠯᠬᠤᠮ ᠴᠢᠩᠭᠠᠷᠠᠭᠤᠯᠬᠤ ᠪᠤᠯᠤᠨ᠎ᠠ᠃ | ᠲᠣᠬᠢᠷᠠᠭᠤᠯᠤᠯᠳᠠ ᠬᠢᠭᠰᠡᠨ ᠤ ᠳᠠᠷᠠᠭ᠎ᠠ ᠡᠬᠢᠯᠡᠵᠦ ᠠᠶᠠᠯᠠᠬᠤ᠂ ᠡᠴᠦᠰ ᠤᠨ ᠬᠦᠷᠬᠦ ᠴᠠᠭ ᠪᠠ ᠥᠪᠥᠷ | ᠮᠣᠩᠭᠤᠯ ᠣᠷᠣᠨ ᠢᠶᠠᠷ ᠦᠡᠭᠭᠡᠷᠡᠬᠦ ᠠᠶᠠᠨᠴᠢᠳ ᠤᠨ ᠭᠠᠯᠲᠤ ᠲᠡᠷᠭᠡᠨ ᠤ ᠠᠶᠠᠯᠠᠬᠤ ᠴᠠᠭ ᠪᠠ ᠵᠣᠭᠰᠣᠬᠤ | ᠦᠷᠳᠡᠭᠡ ᠳᠤ ᠡᠳᠦᠢ ᠲᠡᠳᠦᠢ ᠲᠣᠬᠢᠷᠠᠭᠤᠯᠤᠯᠲᠠ ᠬᠢᠪᠠ᠃ ᠲᠣᠬᠢᠷᠠᠭᠤᠯᠵᠦ ᠪᠠᠷᠠᠬᠰᠠᠨ ᠤ ᠳᠠᠷᠠᠭ᠎ᠠ ᠲᠡᠷᠭᠡᠨ | ᠪᠢᠯᠧᠲ ᠢ 12 ᠰᠠᠷ᠎ᠠ ᠶᠢᠨ 22 ᠤᠨ ᠡᠳᠦᠷ ᠠᠴᠠ ᠡᠬᠢᠯᠡᠨ ᠵᠠᠯᠭᠠᠭ᠎ᠠ ᠪᠠᠷ ᠬᠤᠳᠠᠯᠳᠤᠨ᠎ᠠ᠃ | ᠪᠠᠷᠠᠭ᠎ᠠ ᠲᠡᠭᠡᠭᠡᠪᠦᠷᠢ ᠶᠢᠨ ᠲᠠᠯ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ | ᠪᠠᠷᠠᠭᠤᠨ ᠬᠡᠰᠡᠭ ᠠᠴᠠ ᠰᠢ ᠠᠨ ᠤ ᠰᠢᠨ ᠵᠦ ᠥᠷᠲᠡᠭᠡ ᠬᠦᠷᠬᠦ ᠪᠠ ᠡᠷᠢᠶᠡᠨ ᠬᠤᠲᠠ ᠶᠢᠨ ᠪᠣᠭᠤᠮᠲᠠ ᠪᠠᠷ ᠭᠠᠷᠬᠤ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ 1 ᠬᠤᠤᠰ ᠰᠢᠨ᠎ᠡ ᠪᠠᠷ ᠨᠡᠮᠡᠪᠡ᠃ ᠵᠡᠭᠦᠨ ᠬᠤᠶᠢᠲᠤ | ᠤᠷᠤᠨ ᠲᠡᠰᠢ ᠡᠳᠦᠷ ᠲᠤ 20 ᠬᠤᠤᠰ ᠪᠠᠷᠠᠭᠠᠨ ᠤ ᠭᠠᠯᠲᠤ ᠲᠡᠷᠭᠡ ᠠᠶᠠᠯᠠᠵᠤ ᠪᠠᠶᠢᠭᠰᠠᠨ ᠢ 21 ᠬᠤᠤᠰ ᠪᠣᠯᠭᠠᠨ | ᠨᠡᠮᠡᠭᠳᠡᠬᠦᠯᠵᠦ᠂ ᠱᠠᠨ ᠰᠢ ᠲᠡᠰᠢ ᠡᠳᠦᠷ ᠲᠤ 12 ᠬᠤᠤᠰ ᠪᠠᠷᠠᠭᠠᠨ ᠤ ᠭᠠᠯᠲᠤ ᠲᠡᠷᠭᠡ ᠠᠶᠠᠯᠠᠵᠤ ᠪᠠᠶᠢᠭᠰᠠᠨ ᠢ 28 | ᠬᠤᠤᠰ ᠪᠣᠯᠤᠨ ᠨᠡᠮᠡᠭᠳᠡᠬᠦᠯᠪᠡ᠃ | http://mongol.people.com.cn/15833610.html |