ᠰᠢᠨᠬᠤᠸᠠ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 22 ᠤᠨ ᠡᠳᠦᠷ ᠤᠨ ᠮᠡᠳᠡᠭᠡ ︵ᠬᠤᠤ ᠹᠠᠩ | ᠹᠠᠩ ᠯᠢ ᠴᠢᠶᠠᠨ︶ ᠣᠶᠢᠷ᠎ᠠ ᠳᠤ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠳᠤᠮᠳᠠᠳᠤ ᠪᠠᠭ᠎ᠠ | ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠵᠢᠷᠤᠮᠵᠢᠭᠤᠯᠬᠤ ᠲᠤᠬᠠᠶ ᠬᠥᠬᠡᠬᠤᠲᠠ ᠶᠢᠨ | ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ᠂ ᠰᠤᠷᠭᠠᠭᠤᠯᠢ ᠨᠤᠭᠤᠳ ᠪᠣᠳᠠᠲᠤ | ᠪᠠᠶᠢᠳᠠᠯ ᠢᠶᠠᠨ ᠦᠨᠳᠦᠰᠦᠯᠡᠨ ᠰᠤᠷᠤᠭᠴᠢᠳ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠬᠤᠭᠤᠯᠠᠯᠠᠵᠤ᠂ ᠵᠠᠷᠴᠢᠮ | ᠳᠡᠭᠡᠷ᠎ᠡ ᠪᠠᠨ ᠰᠤᠷᠭᠠᠭᠤᠯᠢ ᠳᠤ ᠬᠤᠭᠤᠯᠠ ᠲᠣᠬᠢᠷᠠᠭᠤᠯᠬᠤ ᠰᠤᠷᠤᠭᠴᠢᠳ ᠢ ᠠᠩᠭᠢ ᠪᠦᠷᠢ ᠳᠤ 25 ᠬᠥᠮᠦᠨ ᠠᠴᠠ | ᠳᠤᠲᠠᠭᠤ ᠪᠠᠶᠢᠯᠭᠠᠬᠤ ᠦᠭᠡᠶ ᠪᠠᠷ ᠵᠣᠬᠢᠶᠠᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠵᠠᠶ᠃ | ᠰᠠᠨᠠᠯ ᠳᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠨᠢ ᠦᠳᠡ ᠶᠢᠨ ᠬᠤᠭᠤᠯᠠ ᠦᠳᠡ ᠶᠢᠨ | ᠠᠮᠠᠷᠠᠯᠲᠠ ᠶᠢᠨ ᠬᠠᠮᠢᠶᠠᠷᠤᠯᠲᠠ ᠪᠠ ᠬᠢᠴᠢᠶᠡᠯ ᠤᠨ ᠳᠠᠷᠠᠭᠠᠬᠢ ᠴᠠᠬ ᠤᠷᠳᠤᠳᠬᠠᠬᠤ ᠦᠢᠯᠡᠴᠢᠯᠡᠭᠡᠨ ᠤ ᠬᠤᠶᠠᠷ | ᠬᠡᠰᠡᠭ ᠢᠶᠠᠷ ᠪᠦᠷᠢᠯᠳᠦᠨ᠎ᠡ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠤᠨ ᠬᠡᠮᠵᠢᠶ᠎ᠡ ᠶᠢ ᠬᠢᠴᠢᠶᠡᠯ ᠤᠨ | ᠴᠠᠭ ᠢᠶᠠᠷ ᠪᠤᠳᠤᠵᠤ ︵1 ᠬᠢᠴᠢᠶᠡᠯ ᠤᠨ ᠴᠠᠭ ᠢ 40 ᠮᠢᠨᠦ᠋ᠲ ᠠᠴᠠ ᠳᠤᠲᠠᠭᠤ ᠪᠠᠶᠢᠯᠭᠠᠵᠤ ᠪᠣᠯᠬᠤ ᠥᠬᠡᠶ︶᠂ | ᠦᠳᠡ ᠶᠢᠨ ᠬᠤᠭᠤᠯᠠ᠂ ᠦᠳᠡ ᠶᠢᠨ ᠠᠮᠠᠷᠠᠯᠲᠠ ᠶᠢᠨ ᠬᠠᠮᠢᠶᠠᠷᠤᠯᠲᠠ ᠶᠢ ᠪᠣᠳᠠᠲᠠᠶ ᠦᠢᠯᠡᠴᠢᠯᠡᠭᠰᠡᠨ ᠴᠠᠬ ᠲᠠᠢ | ᠤᠶᠠᠯᠳᠤᠭᠤᠯᠤᠨ᠂ 2 — 3 ᠬᠢᠴᠢᠶᠡᠯ ᠤᠨ ᠴᠠᠭ ᠢᠶᠠᠷ ᠠᠵᠢᠯ ᠤᠨ ᠬᠡᠮᠵᠢᠶ᠎ᠡ ᠶᠢ ᠨᠢ ᠪᠤᠳᠤᠨ᠎ᠠ︔ ᠪᠠᠭ᠎ᠠ | ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠴᠠᠭ ᠤᠷᠲᠤᠳᠬᠠᠬᠤ ᠦᠢᠯᠡᠴᠢᠯᠡᠭᠡ ᠶᠢ 17᠄ 30᠂ ᠠᠩᠬ᠎ᠠ | ᠳᠤᠮᠳᠠᠳᠤ ᠶᠢᠨ ᠬᠢ ᠶᠢ 18᠄ 00 ᠪᠤᠯᠭᠠᠵᠤ᠂ ᠰᠤᠷᠭᠠᠭᠤᠯᠢ ᠨᠢ ᠪᠣᠳᠠᠲᠠᠶ ᠦᠢᠯᠡᠴᠢᠯᠡᠭᠰᠡᠡ ᠴᠠᠭ ᠢᠶᠠᠷ ᠠᠵᠢᠯ ᠤᠨ | ᠬᠡᠮᠵᠢᠶ᠎ᠡ ᠶᠢ ᠪᠤᠳᠤᠵᠤ᠂ ᠬᠢᠴᠢᠶᠡᠯ ᠤᠨ ᠳᠠᠷᠠᠭᠠᠬᠢ ᠴᠠᠭ ᠤᠷᠲᠤᠳᠬᠠᠬᠤ ᠦᠢᠯᠡᠴᠢᠯᠡᠭᠡ ᠶᠢ ᠡᠳᠦᠷ ᠪᠦᠷᠢ 2 | ᠬᠢᠴᠢᠶᠡᠯ ᠤᠨ ᠴᠠᠭ ᠠᠴᠠ ᠬᠡᠲᠦᠷᠡᠭᠦᠯᠵᠦ ᠪᠣᠯᠬᠤ ᠥᠬᠡᠶ ᠭᠡᠵᠦ ᠵᠢᠭᠠᠵᠤ ᠭᠠᠷᠭᠠᠪᠠ᠃ | ᠰᠤᠷᠭᠠᠭᠤᠯᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠰᠤᠷᠤᠭᠴᠢᠳ ᠢ ᠵᠣᠬᠢᠶᠠᠨ ᠪᠠᠶᠢᠭᠤᠯᠤᠨ | ᠲᠥᠪᠯᠡᠷᠡᠭᠦᠯᠦᠨ ᠬᠤᠭᠤᠯᠠᠯᠠᠬᠤ ᠳᠤ᠂ ᠵᠠᠷᠴᠢᠮ ᠳᠡᠭᠡᠷ᠎ᠡ ᠪᠠᠨ ᠰᠤᠷᠭᠠᠭᠤᠯᠢ ᠳᠤ ᠬᠤᠭᠤᠯᠠ ᠲᠣᠬᠢᠷᠠᠭᠤᠯᠬᠤ | ᠰᠤᠷᠤᠭᠴᠢ ᠶᠢ ᠠᠩᠭᠢ ᠨᠢᠭᠡ ᠪᠦᠷᠢ ᠳᠤ 25 ᠬᠥᠮᠦᠨ ᠠᠴᠠ ᠳᠤᠲᠠᠭᠤ ᠦᠭᠡᠶ ᠵᠣᠬᠢᠶᠠᠨ ᠪᠠᠶᠢᠭᠤᠯᠵᠤ᠂ ᠬᠤᠭᠤᠯᠠ | ᠲᠣᠬᠢᠷᠠᠭᠤᠯᠬᠤ ᠬᠠᠮᠢᠶᠠᠷᠤᠯᠲᠠ ᠶᠢᠨ ᠪᠠᠭᠰᠢ ᠶᠢ ᠠᠩᠭᠢ ᠨᠢᠭᠡ ᠪᠦᠷᠢ ᠳᠤ 1᠄ 1.21᠄ 1.5 ᠪᠠᠷ ᠲᠣᠬᠢᠷᠠᠭᠤᠯᠤᠨ᠎ᠠ | ︔ ᠬᠢᠴᠢᠶᠡᠯ ᠤᠨ ᠳᠠᠷᠠᠭᠠᠬᠢ ᠴᠠᠭ ᠤᠷᠳᠤᠳᠬᠠᠬᠤ ᠦᠢᠯᠡᠴᠢᠯᠡᠭᠡᠨ ᠤ ᠠᠵᠢᠯ ᠢ ᠪᠣᠳᠠᠲᠠᠶ ᠪᠠᠶᠢᠳᠠᠯ ᠢ ᠦᠨᠳᠦᠰᠦᠯᠡᠨ | ᠵᠣᠬᠢᠶᠠᠨ ᠪᠠᠶᠢᠭᠤᠯᠵᠤ᠂ ᠬᠢᠴᠢᠶᠡᠯ ᠤᠨ ᠳᠠᠷᠠᠭᠠᠬᠢ ᠴᠠᠭ ᠤᠷᠳᠤᠳᠬᠠᠬᠤ ᠦᠢᠯᠡᠴᠢᠯᠡᠭᠡᠨ ᠤ ᠬᠠᠮᠢᠶᠠᠷᠤᠯᠲᠠ ᠶᠢᠨ | ᠪᠠᠭᠰᠢ ᠶᠢ ᠠᠩᠭᠢ ᠪᠦᠷᠢ ᠳᠤ 1᠄ 1.1 — 1᠄ 1.2 ᠢᠶᠠᠷ ᠳᠣᠭᠢᠷᠠᠭᠤᠯᠤᠨ᠎ᠠ ᠭᠡᠵᠦ ᠵᠢᠭᠠᠵᠤ ᠭᠠᠷᠭᠠᠪᠠ᠃ | ᠰᠠᠨᠠᠯ ᠳᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ | ᠥᠷᠨᠢᠭᠦᠯᠬᠦ ᠳᠤ ᠰᠣᠷᠣᠭᠴᠢ ᠶᠢᠨ ᠰᠠᠶᠢᠨ ᠳᠤᠷ᠎ᠠ ᠶᠢᠨ ᠪᠠᠶᠢᠬᠤ ᠵᠠᠷᠴᠢᠮ ᠶᠣᠰᠣᠭᠠᠷ᠂ ᠰᠣᠷᠣᠭᠴᠢ ᠶᠢᠨ ᠬᠡᠷ ᠤᠨ | ᠠᠬᠠᠮᠠᠳ ᠲᠠᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢᠨ ᠨᠠᠶᠢᠳᠠᠨ ᠬᠠᠮᠢᠶᠠᠷᠬᠤ ᠬᠡᠯᠡᠯᠴᠡᠭᠡᠷ ᠲᠣᠭᠲᠠᠵᠤ᠂ | ᠰᠤᠷᠭᠠᠭᠤᠯᠢ᠂ ᠬᠡᠷ ᠤᠨ ᠠᠬᠠᠮᠠᠳ᠂ ᠰᠣᠷᠣᠭᠴᠢ ᠶᠢᠨ ᠬᠠᠷᠢᠭᠤᠴᠠᠯᠭ᠎ᠠ ᠡᠷᠬᠡ ᠶᠢ ᠲᠣᠳᠣᠷᠬᠠᠶᠢᠯᠠᠬᠤ ᠬᠡᠷᠡᠭᠲᠡᠶ᠃ | ᠬᠢᠴᠢᠶᠡᠯ ᠤᠨ ᠳᠠᠷᠠᠭᠠᠬᠢ ᠴᠠᠭ ᠢ ᠤᠷᠳᠤᠳᠬᠠᠬᠤ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠥᠷᠨᠢᠭᠦᠯᠵᠦ᠂ ᠰᠣᠷᠣᠭᠴᠢ᠂ ᠬᠡᠷ ᠤᠨ ᠠᠬᠠᠮᠠᠳ ᠤᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ | ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠰᠠᠨᠠᠯ ᠳᠤ ᠪᠠᠰᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ | ᠵᠢᠴᠢ ᠰᠢᠮ᠎ᠡ ᠲᠡᠵᠢᠭᠡᠯᠲᠦ ᠬᠤᠭᠤᠯᠠ ᠶᠢ ᠲᠣᠬᠢᠷᠠᠭᠤᠯᠤᠨ ᠬᠦᠷᠭᠡᠬᠦ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ | ᠠᠵᠢᠯ ᠤᠨ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶ ᠲᠣᠭᠲᠠᠭᠠᠵᠠᠶ᠃ ᠡᠭᠦᠨ ᠤ ᠬᠠᠮᠲᠤ | ᠰᠤᠷᠤᠭᠴᠢᠳ ᠤᠨ ᠦᠳᠡ ᠶᠢᠨ ᠬᠤᠭᠤᠯᠠ ᠦᠳᠡ ᠶᠢᠨ ᠠᠮᠠᠷᠠᠯᠲᠠ᠂ ᠬᠢᠴᠢᠶᠡᠯ ᠤᠨ ᠳᠠᠷᠠᠭᠠᠬᠢ ᠴᠠᠭ ᠤᠷᠳᠤᠳᠬᠠᠬᠤ | ᠦᠢᠯᠡᠴᠢᠯᠡᠭᠡ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠷᠤᠳᠠᠯ ᠣᠯᠭᠤᠬᠤ ᠪᠠᠷᠢᠮᠵᠢᠶ᠎ᠠ ᠪᠣᠯᠤᠨ ᠣᠯᠭᠤᠬᠤ | ᠠᠷᠭ᠎ᠠ ᠵᠡᠷᠭᠡ ᠳᠤ ᠪᠣᠳᠠᠲᠠᠶ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠪᠠ᠃ | http://mongol.people.com.cn/15833609.html |