ᠥᠪᠥᠷ ᠮᠣᠩᠭᠤᠯ ᠵᠧᠩᠵᠧᠤ᠂ ᠵᠢᠨᠠᠨ ᠤ ᠴᠢᠭᠯᠡᠯ ᠤᠨ ᠬᠥᠳᠡᠯᠭᠡᠭᠦᠷᠲᠦ ᠴᠤᠪᠤᠭ᠎ᠠ ᠲᠡᠷᠭᠡ ᠶᠢ ᠰᠢᠨ᠎ᠡ ᠪᠠᠷ ᠨᠡᠮᠡᠵᠦ ᠲᠤᠬᠢᠷᠠᠭᠤᠯᠬᠤ ᠪᠠᠷ ᠪᠤᠢ
ᠨᠡᠶᠢᠲᠡᠯᠡᠭᠰᠡᠨ ᠴᠠᠭ᠄
2020/12/24
      ᠰᠢᠨᠬᠤᠧᠠ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 22 ᠤᠨ ᠡᠳᠦᠷ ᠤᠨ ᠮᠡᠳᠡᠭᠡ ︵ᠯᠢ ᠴᠢᠶᠠᠨ︶ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ ᠶᠢᠨ ᠮᠡᠳᠡᠭᠡ ᠶᠢ ᠦᠨᠳᠦᠰᠦᠯᠡᠪᠡᠯ᠂ ᠲᠡᠮᠦᠷ ᠵᠠᠮ ᠤᠨ ᠰᠠᠯᠠᠭ᠎ᠠ ᠮᠥᠴᠢᠷ ᠨᠢ 2021 ᠣᠨ ᠤ 1 ᠰᠠᠷ᠎ᠠ ᠶᠢᠨ 20 ᠤ ᠡᠳᠦᠷ ᠤᠨ ᠲᠡᠭ ᠴᠠᠭ ᠠᠴᠠ ᠭᠠᠯᠳᠤ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠰᠠᠯᠠᠭ᠎ᠠ ᠮᠥᠴᠢᠷ ᠨᠢ ᠵᠧᠩᠵᠧᠤ᠂ ᠵᠢᠨᠠᠨ ᠳᠤ ᠰᠢᠭᠤᠳ ᠨᠡᠪᠲᠡᠷᠡᠬᠦ ᠬᠥᠳᠡᠯᠭᠡᠭᠦᠷᠲᠦ ᠴᠤᠪᠤᠭ᠎ᠠ ᠲᠡᠷᠭᠡ ᠶᠢ ᠰᠢᠨ᠎ᠡ ᠪᠠᠷ ᠨᠡᠮᠡᠵᠦ ᠲᠤᠬᠢᠷᠠᠭᠤᠯᠬᠤ ᠪᠠᠷ ᠪᠤᠢ᠂ ᠢᠡᠭᠭᠢᠪᠡᠯ ᠥᠪᠥᠷ ᠮᠣᠩᠭᠤᠯ ᠤᠨ ᠪᠡᠭᠡᠵᠢᠩ ᠳᠤ ᠤᠷᠤᠬᠤ ᠲᠦᠷᠭᠡᠨ ᠤ ᠭᠠᠯᠲᠤ ᠲᠡᠷᠭᠡ  ᠶᠢᠨ ᠲᠤᠭ᠎ᠠ ᠬᠡᠮᠵᠢᠶ᠎ᠡ ᠨᠡᠮᠡᠭᠳᠡᠬᠦ ᠪᠣᠯᠤᠨ᠎ᠠ᠃      ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠥᠬᠡᠬᠤᠲᠠ ᠶᠢᠨ ᠵᠡᠭᠦᠨ ᠥᠷᠲᠡᠭᠡ ᠠᠴᠠ ᠵᠧᠩᠵᠧᠤ ᠬᠦᠷᠬᠦ᠂ ᠪᠤᠭᠤᠲᠤ ᠠᠴᠠ ᠵᠧᠩᠵᠧᠤ ᠬᠥᠷᠬᠦ ᠵᠢᠴᠢ ᠬᠥᠬᠡᠬᠤᠲᠠ ᠶᠢᠨ ᠵᠡᠭᠦᠨ ᠥᠷᠲᠡᠭᠡ ᠠᠴᠠ ᠵᠢᠨᠠᠨ ᠤ ᠪᠠᠷᠠᠭᠤᠨ ᠥᠷᠲᠡᠭᠡ ᠬᠥᠷᠬᠦ 3 ᠬᠤᠤᠰ ᠰᠢᠭᠤᠳ ᠨᠡᠪᠲᠡᠷᠡᠬᠦ ᠬᠥᠳᠡᠯᠭᠡᠭᠦᠷᠲᠦ ᠴᠤᠪᠤᠭ᠎ᠠ ᠲᠡᠷᠭᠡ ᠰᠢᠨ᠎ᠡ ᠪᠠᠷ ᠨᠡᠮᠡᠭᠳᠡᠬᠦ ᠪᠤᠯᠤᠨ᠎ᠠ᠂ ᠡᠨᠡ ᠨᠢ ᠮᠥᠨ ᠴᠦ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠠᠴᠠ ᠠᠩᠬ᠎ᠠ ᠤᠳᠠᠭ᠎ᠠ 6 ᠴᠠᠭ ᠠᠴᠠ ᠳᠡᠭᠡᠭᠰᠢᠬᠢ ᠠᠶᠠᠯᠠᠬᠤ ᠬᠥᠳᠡᠯᠭᠡᠭᠦᠷᠲᠦ ᠴᠤᠪᠤᠭ᠎ᠠ ᠲᠡᠷᠭᠡ ᠪᠣᠯᠬᠤ ᠶᠤᠮ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠪᠡᠭᠡᠵᠢᠩ ᠳᠤ ᠤᠷᠤᠬᠤ ᠡᠳᠦᠷ ᠲᠤᠲᠤᠮ ᠤᠨ ᠠᠶᠠᠯᠠᠬᠤ ᠲᠦᠷᠭᠡᠨ ᠤ ᠭᠠᠯᠲᠤ ᠲᠡᠷᠭᠡ ᠶᠢ 28 ᠬᠤᠤᠰ ᠪᠣᠯᠭᠠᠨ ᠲᠣᠬᠢᠷᠠᠭᠤᠯᠵᠤ᠂ ᠭᠠᠷᠠᠭ ᠤᠨ ᠲᠠᠪᠤᠨ᠂ ᠵᠢᠷᠭᠤᠭᠠᠨ᠂ ᠭᠠᠷᠠᠭ ᠤᠨ ᠡᠳᠦᠷ ᠪᠠ ᠣᠷᠭᠢᠯ ᠤᠨ ᠦᠶ᠎ᠡ ᠳᠤ 31 ᠬᠤᠤᠰ ᠪᠣᠯᠭᠠᠨ ᠨᠡᠮᠡᠭᠳᠡᠬᠦᠯᠵᠦ᠂ ᠡᠴᠦᠰ ᠤᠨ ᠥᠷᠲᠡᠭᠡ ᠠᠴᠠ ᠪᠡᠭᠡᠵᠢᠩ ᠤᠨ ᠬᠤᠶᠢᠲᠤ ᠥᠷᠲᠡᠭᠡ ᠬᠥᠷᠬᠦ ᠭᠠᠯᠲᠤ ᠲᠡᠷᠭᠡ ᠶᠢ 8 ᠡᠭᠡᠯᠵᠢ ᠠᠴᠠ ᠨᠢ 10 ᠡᠭᠡᠯᠵᠢ ᠪᠣᠯᠭᠠᠨ ᠨᠡᠮᠡᠭᠳᠡᠬᠦᠯᠬᠦ ᠪᠠᠷ ᠪᠠᠶᠢᠨ᠎ᠠ᠃ ᠬᠥᠬᠡᠬᠤᠲᠠ ᠶᠢᠨ ᠵᠡᠭᠦᠨ ᠦᠷᠳᠡᠭᠡ ᠪᠣᠯᠤᠨ ᠲᠠᠶᠢᠶᠦᠧᠠᠨ ᠤ ᠡᠮᠦᠨ᠎ᠡ ᠦᠷᠳᠡᠭᠡ ᠶᠢᠨ ᠬᠤᠭᠤᠷᠣᠨᠳᠣ ᠠᠶᠠᠯᠠᠵᠤ ᠪᠠᠶᠢᠭ᠎ᠠ 2 ᠬᠤᠣᠰ ᠲᠦᠷᠭᠡᠨ ᠤ ᠭᠠᠯᠲᠤ ᠲᠡᠷᠭᠡ ᠶᠢ ᠪᠤᠭᠤᠲᠤ ᠪᠣᠯᠤᠨ ᠲᠠᠶᠢᠶᠦᠧᠠᠨ ᠤ ᠡᠮᠦᠨ᠎ᠡ ᠦᠷᠳᠡᠭᠡ ᠶᠢᠨ ᠬᠤᠭᠤᠷᠣᠨᠳᠣ ᠠᠶᠠᠯᠠᠬᠤ ᠪᠤᠯᠭᠠᠨ ᠤᠷᠳᠤᠳᠬᠠᠵᠤ᠂ ᠨᠡᠩ ᠤᠯᠠᠨ ᠠᠶᠠᠨᠴᠢᠳ ᠤᠨ ᠶᠠᠪᠤᠵᠤ ᠰᠠᠭᠤᠬᠤ ᠳᠤ ᠲᠦᠬᠦᠮ ᠦᠵᠡᠭᠦᠯᠬᠦ ᠪᠤᠯᠤᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠲᠣᠬᠢᠷᠠᠭᠤᠯᠤᠯᠲᠠ ᠳᠤ ᠬᠥᠬᠡᠬᠤᠲᠠ ᠠᠴᠠ ᠯᠢᠨ ᠾᠧ ᠬᠥᠷᠬᠦ᠂ ᠦᠬᠠᠶ ᠠᠴᠠ ᠣᠷᠳᠣᠰ ᠬᠥᠷᠬᠦ 2 ᠬᠤᠤᠰ ᠠᠶᠠᠨᠴᠢᠳ ᠤᠨ ᠲᠦᠷᠭᠡᠨ ᠤ ᠭᠠᠯᠳᠤ ᠲᠡᠷᠭᠡ ᠶᠢ ᠰᠢᠨ᠎ᠡ ᠪᠠᠷ ᠲᠣᠬᠢᠷᠠᠭᠤᠯᠪᠠ᠃ ᠬᠥᠬᠡᠬᠤᠲᠠ᠂ ᠪᠤᠭᠤᠲᠤ᠂ ᠣᠷᠳᠣᠰ᠂ ᠦᠬᠠᠶ ᠶᠢᠨ ᠬᠤᠭᠤᠷᠣᠨᠳᠣ ᠡᠳᠦᠷ ᠪᠦᠷᠢ 20 ᠬᠤᠤᠰ ᠬᠥᠳᠡᠯᠭᠡᠭᠦᠷᠲᠦ ᠴᠤᠪᠤᠭ᠎ᠠ ᠲᠡᠷᠭᠡ ᠠᠶᠠᠯᠠᠬᠤ ᠪᠣᠯᠭᠠᠨ ᠨᠡᠮᠡᠭᠳᠡᠭᠦᠯᠵᠦ᠂ ᠳᠥᠷᠪᠡᠨ ᠭᠠᠵᠠᠷ ᠤᠨ ᠬᠤᠭᠤᠷᠣᠨᠳᠣᠬᠢ ᠬᠤᠲᠠ ᠶᠢᠨ ᠬᠤᠭᠤᠷᠣᠨᠳᠣᠬᠢ  ᠦᠢᠯᠡᠳᠦᠯ ᠢ ᠨᠢ ᠤᠯᠠᠮ ᠨᠢᠭᠡ ᠠᠯᠬᠤᠮ ᠴᠢᠩᠭᠠᠷᠠᠭᠤᠯᠬᠤ ᠪᠤᠯᠤᠨ᠎ᠠ᠃      ᠲᠣᠬᠢᠷᠠᠭᠤᠯᠤᠯᠳᠠ ᠬᠢᠭᠰᠡᠨ ᠤ ᠳᠠᠷᠠᠭ᠎ᠠ ᠡᠬᠢᠯᠡᠵᠦ ᠠᠶᠠᠯᠠᠬᠤ᠂ ᠡᠴᠦᠰ ᠤᠨ ᠬᠦᠷᠬᠦ ᠴᠠᠭ ᠪᠠ ᠥᠪᠥᠷ ᠮᠣᠩᠭᠤᠯ ᠣᠷᠣᠨ ᠢᠶᠠᠷ ᠦᠡᠭᠭᠡᠷᠡᠬᠦ ᠠᠶᠠᠨᠴᠢᠳ ᠤᠨ ᠭᠠᠯᠲᠤ ᠲᠡᠷᠭᠡᠨ ᠤ ᠠᠶᠠᠯᠠᠬᠤ ᠴᠠᠭ ᠪᠠ ᠵᠣᠭᠰᠣᠬᠤ ᠦᠷᠳᠡᠭᠡ ᠳᠤ ᠡᠳᠦᠢ ᠲᠡᠳᠦᠢ ᠲᠣᠬᠢᠷᠠᠭᠤᠯᠤᠯᠲᠠ ᠬᠢᠪᠠ᠃ ᠲᠣᠬᠢᠷᠠᠭᠤᠯᠵᠦ ᠪᠠᠷᠠᠬᠰᠠᠨ ᠤ ᠳᠠᠷᠠᠭ᠎ᠠ ᠲᠡᠷᠭᠡᠨ ᠪᠢᠯᠧᠲ ᠢ 12 ᠰᠠᠷ᠎ᠠ ᠶᠢᠨ 22 ᠤᠨ ᠡᠳᠦᠷ ᠠᠴᠠ ᠡᠬᠢᠯᠡᠨ ᠵᠠᠯᠭᠠᠭ᠎ᠠ ᠪᠠᠷ ᠬᠤᠳᠠᠯᠳᠤᠨ᠎ᠠ᠃      ᠪᠠᠷᠠᠭ᠎ᠠ ᠲᠡᠭᠡᠭᠡᠪᠦᠷᠢ ᠶᠢᠨ ᠲᠠᠯ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠠᠴᠠ ᠰᠢ ᠠᠨ ᠤ ᠰᠢᠨ ᠵᠦ ᠥᠷᠲᠡᠭᠡ ᠬᠦᠷᠬᠦ ᠪᠠ ᠡᠷᠢᠶᠡᠨ ᠬᠤᠲᠠ ᠶᠢᠨ ᠪᠣᠭᠤᠮᠲᠠ ᠪᠠᠷ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ 1 ᠬᠤᠤᠰ ᠰᠢᠨ᠎ᠡ ᠪᠠᠷ ᠨᠡᠮᠡᠪᠡ᠃ ᠵᠡᠭᠦᠨ ᠬᠤᠶᠢᠲᠤ ᠤᠷᠤᠨ ᠲᠡᠰᠢ ᠡᠳᠦᠷ ᠲᠤ 20 ᠬᠤᠤᠰ ᠪᠠᠷᠠᠭᠠᠨ ᠤ ᠭᠠᠯᠲᠤ ᠲᠡᠷᠭᠡ ᠠᠶᠠᠯᠠᠵᠤ ᠪᠠᠶᠢᠭᠰᠠᠨ ᠢ 21 ᠬᠤᠤᠰ ᠪᠣᠯᠭᠠᠨ ᠨᠡᠮᠡᠭᠳᠡᠬᠦᠯᠵᠦ᠂ ᠱᠠᠨ ᠰᠢ ᠲᠡᠰᠢ ᠡᠳᠦᠷ ᠲᠤ 12 ᠬᠤᠤᠰ ᠪᠠᠷᠠᠭᠠᠨ ᠤ ᠭᠠᠯᠲᠤ ᠲᠡᠷᠭᠡ ᠠᠶᠠᠯᠠᠵᠤ ᠪᠠᠶᠢᠭᠰᠠᠨ ᠢ 28 ᠬᠤᠤᠰ ᠪᠣᠯᠤᠨ ᠨᠡᠮᠡᠭᠳᠡᠬᠦᠯᠪᠡ᠃http://mongol.people.com.cn/15833610.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ