ᠬᠥᠬᠡᠬᠤᠲᠠ᠄ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠪᠦᠷᠢ ᠳᠤ 25 ᠬᠥᠮᠦᠨ ᠠᠴᠠ ᠲᠤᠳᠠᠭᠤ ᠦᠭᠡᠢ ᠪᠤᠯ ᠬᠤᠭᠤᠯᠠ ᠲᠣᠬᠢᠷᠠᠭᠤᠯᠵᠤ ᠪᠣᠯᠤᠨ᠎ᠠ
ᠨᠡᠶᠢᠲᠡᠯᠡᠭᠰᠡᠨ ᠴᠠᠭ᠄
2020/12/24
      ᠰᠢᠨᠬᠤᠸᠠ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 22 ᠤᠨ ᠡᠳᠦᠷ ᠤᠨ ᠮᠡᠳᠡᠭᠡ ︵ᠬᠤᠤ ᠹᠠᠩ ᠹᠠᠩ   ᠯᠢ ᠴᠢᠶᠠᠨ︶ ᠣᠶᠢᠷ᠎ᠠ ᠳᠤ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠵᠢᠷᠤᠮᠵᠢᠭᠤᠯᠬᠤ ᠲᠤᠬᠠᠶ ᠬᠥᠬᠡᠬᠤᠲᠠ ᠶᠢᠨ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ᠂ ᠰᠤᠷᠭᠠᠭᠤᠯᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠰᠤᠷᠤᠭᠴᠢᠳ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠬᠤᠭᠤᠯᠠᠯᠠᠵᠤ᠂ ᠵᠠᠷᠴᠢᠮ ᠳᠡᠭᠡᠷ᠎ᠡ ᠪᠠᠨ ᠰᠤᠷᠭᠠᠭᠤᠯᠢ ᠳᠤ ᠬᠤᠭᠤᠯᠠ ᠲᠣᠬᠢᠷᠠᠭᠤᠯᠬᠤ ᠰᠤᠷᠤᠭᠴᠢᠳ ᠢ ᠠᠩᠭᠢ ᠪᠦᠷᠢ ᠳᠤ 25 ᠬᠥᠮᠦᠨ ᠠᠴᠠ ᠳᠤᠲᠠᠭᠤ ᠪᠠᠶᠢᠯᠭᠠᠬᠤ ᠦᠭᠡᠶ ᠪᠠᠷ ᠵᠣᠬᠢᠶᠠᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠵᠠᠶ      ᠰᠠᠨᠠᠯ ᠳᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠨᠢ ᠦᠳᠡ ᠶᠢᠨ ᠬᠤᠭᠤᠯᠠ ᠦᠳᠡ ᠶᠢᠨ ᠠᠮᠠᠷᠠᠯᠲᠠ ᠶᠢᠨ ᠬᠠᠮᠢᠶᠠᠷᠤᠯᠲᠠ ᠪᠠ ᠬᠢᠴᠢᠶᠡᠯ ᠤᠨ ᠳᠠᠷᠠᠭᠠᠬᠢ ᠴᠠᠬ ᠤᠷᠳᠤᠳᠬᠠᠬᠤ ᠦᠢᠯᠡᠴᠢᠯᠡᠭᠡᠨ ᠤ ᠬᠤᠶᠠᠷ ᠬᠡᠰᠡᠭ ᠢᠶᠠᠷ ᠪᠦᠷᠢᠯᠳᠦᠨ᠎ᠡ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠤᠨ ᠬᠡᠮᠵᠢᠶ᠎ᠡ ᠶᠢ ᠬᠢᠴᠢᠶᠡᠯ ᠤᠨ ᠴᠠᠭ ᠢᠶᠠᠷ ᠪᠤᠳᠤᠵᠤ ︵1 ᠬᠢᠴᠢᠶᠡᠯ ᠤᠨ ᠴᠠᠭ ᠢ 40 ᠮᠢᠨᠦ᠋ᠲ ᠠᠴᠠ ᠳᠤᠲᠠᠭᠤ ᠪᠠᠶᠢᠯᠭᠠᠵᠤ ᠪᠣᠯᠬᠤ ᠥᠬᠡᠶ︶᠂ ᠦᠳᠡ ᠶᠢᠨ ᠬᠤᠭᠤᠯᠠ᠂ ᠦᠳᠡ ᠶᠢᠨ ᠠᠮᠠᠷᠠᠯᠲᠠ ᠶᠢᠨ ᠬᠠᠮᠢᠶᠠᠷᠤᠯᠲᠠ ᠶᠢ ᠪᠣᠳᠠᠲᠠᠶ ᠦᠢᠯᠡᠴᠢᠯᠡᠭᠰᠡᠨ ᠴᠠᠬ ᠲᠠᠢ ᠤᠶᠠᠯᠳᠤᠭᠤᠯᠤᠨ᠂ 2 — 3 ᠬᠢᠴᠢᠶᠡᠯ ᠤᠨ ᠴᠠᠭ ᠢᠶᠠᠷ ᠠᠵᠢᠯ ᠤᠨ ᠬᠡᠮᠵᠢᠶ᠎ᠡ ᠶᠢ ᠨᠢ ᠪᠤᠳᠤᠨ᠎ᠠ︔ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠴᠠᠭ ᠤᠷᠲᠤᠳᠬᠠᠬᠤ ᠦᠢᠯᠡᠴᠢᠯᠡᠭᠡ ᠶᠢ 17᠄ 30᠂ ᠠᠩᠬ᠎ᠠ ᠳᠤᠮᠳᠠᠳᠤ ᠶᠢᠨ ᠬᠢ ᠶᠢ 18᠄ 00 ᠪᠤᠯᠭᠠᠵᠤ᠂ ᠰᠤᠷᠭᠠᠭᠤᠯᠢ ᠨᠢ ᠪᠣᠳᠠᠲᠠᠶ ᠦᠢᠯᠡᠴᠢᠯᠡᠭᠰᠡᠡ ᠴᠠᠭ ᠢᠶᠠᠷ ᠠᠵᠢᠯ ᠤᠨ ᠬᠡᠮᠵᠢᠶ᠎ᠡ ᠶᠢ ᠪᠤᠳᠤᠵᠤ᠂ ᠬᠢᠴᠢᠶᠡᠯ ᠤᠨ ᠳᠠᠷᠠᠭᠠᠬᠢ ᠴᠠᠭ ᠤᠷᠲᠤᠳᠬᠠᠬᠤ ᠦᠢᠯᠡᠴᠢᠯᠡᠭᠡ ᠶᠢ ᠡᠳᠦᠷ ᠪᠦᠷᠢ 2 ᠬᠢᠴᠢᠶᠡᠯ ᠤᠨ ᠴᠠᠭ ᠠᠴᠠ ᠬᠡᠲᠦᠷᠡᠭᠦᠯᠵᠦ ᠪᠣᠯᠬᠤ ᠥᠬᠡᠶ ᠭᠡᠵᠦ ᠵᠢᠭᠠᠵᠤ ᠭᠠᠷᠭᠠᠪᠠ᠃      ᠰᠤᠷᠭᠠᠭᠤᠯᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠰᠤᠷᠤᠭᠴᠢᠳ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠬᠤᠭᠤᠯᠠᠯᠠᠬᠤ ᠳᠤ᠂ ᠵᠠᠷᠴᠢᠮ ᠳᠡᠭᠡᠷ᠎ᠡ ᠪᠠᠨ ᠰᠤᠷᠭᠠᠭᠤᠯᠢ ᠳᠤ ᠬᠤᠭᠤᠯᠠ ᠲᠣᠬᠢᠷᠠᠭᠤᠯᠬᠤ ᠰᠤᠷᠤᠭᠴᠢ ᠶᠢ ᠠᠩᠭᠢ ᠨᠢᠭᠡ ᠪᠦᠷᠢ ᠳᠤ 25 ᠬᠥᠮᠦᠨ ᠠᠴᠠ ᠳᠤᠲᠠᠭᠤ ᠦᠭᠡᠶ ᠵᠣᠬᠢᠶᠠᠨ ᠪᠠᠶᠢᠭᠤᠯᠵᠤ᠂ ᠬᠤᠭᠤᠯᠠ ᠲᠣᠬᠢᠷᠠᠭᠤᠯᠬᠤ ᠬᠠᠮᠢᠶᠠᠷᠤᠯᠲᠠ ᠶᠢᠨ ᠪᠠᠭᠰᠢ ᠶᠢ ᠠᠩᠭᠢ ᠨᠢᠭᠡ ᠪᠦᠷᠢ ᠳᠤ 1᠄ 1.21᠄ 1.5 ᠪᠠᠷ ᠲᠣᠬᠢᠷᠠᠭᠤᠯᠤᠨ᠎ᠠ︔ ᠬᠢᠴᠢᠶᠡᠯ ᠤᠨ ᠳᠠᠷᠠᠭᠠᠬᠢ ᠴᠠᠭ ᠤᠷᠳᠤᠳᠬᠠᠬᠤ ᠦᠢᠯᠡᠴᠢᠯᠡᠭᠡᠨ ᠤ ᠠᠵᠢᠯ ᠢ ᠪᠣᠳᠠᠲᠠᠶ ᠪᠠᠶᠢᠳᠠᠯ ᠢ ᠦᠨᠳᠦᠰᠦᠯᠡᠨ ᠵᠣᠬᠢᠶᠠᠨ ᠪᠠᠶᠢᠭᠤᠯᠵᠤ᠂ ᠬᠢᠴᠢᠶᠡᠯ ᠤᠨ ᠳᠠᠷᠠᠭᠠᠬᠢ ᠴᠠᠭ ᠤᠷᠳᠤᠳᠬᠠᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠭᠰᠢ ᠶᠢ ᠠᠩᠭᠢ ᠪᠦᠷᠢ ᠳᠤ 1᠄ 1.1 — 1᠄ 1.2 ᠢᠶᠠᠷ ᠳᠣᠭᠢᠷᠠᠭᠤᠯᠤᠨ᠎ᠠ ᠭᠡᠵᠦ ᠵᠢᠭᠠᠵᠤ ᠭᠠᠷᠭᠠᠪᠠ᠃      ᠰᠠᠨᠠᠯ ᠳᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠥᠷᠨᠢᠭᠦᠯᠬᠦ ᠳᠤ ᠰᠣᠷᠣᠭᠴᠢ ᠶᠢᠨ ᠰᠠᠶᠢᠨ ᠳᠤᠷ᠎ᠠ ᠶᠢᠨ ᠪᠠᠶᠢᠬᠤ ᠵᠠᠷᠴᠢᠮ ᠶᠣᠰᠣᠭᠠᠷ᠂ ᠰᠣᠷᠣᠭᠴᠢ ᠶᠢᠨ ᠬᠡᠷ ᠤᠨ ᠠᠬᠠᠮᠠᠳ ᠲᠠᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢᠨ ᠨᠠᠶᠢᠳᠠᠨ ᠬᠠᠮᠢᠶᠠᠷᠬᠤ ᠬᠡᠯᠡᠯᠴᠡᠭᠡᠷ ᠲᠣᠭᠲᠠᠵᠤ᠂ ᠰᠤᠷᠭᠠᠭᠤᠯᠢ᠂ ᠬᠡᠷ ᠤᠨ ᠠᠬᠠᠮᠠᠳ᠂ ᠰᠣᠷᠣᠭᠴᠢ ᠶᠢᠨ ᠬᠠᠷᠢᠭᠤᠴᠠᠯᠭ᠎ᠠ ᠡᠷᠬᠡ ᠶᠢ ᠲᠣᠳᠣᠷᠬᠠᠶᠢᠯᠠᠬᠤ ᠬᠡᠷᠡᠭᠲᠡᠶ᠃ ᠬᠢᠴᠢᠶᠡᠯ ᠤᠨ ᠳᠠᠷᠠᠭᠠᠬᠢ ᠴᠠᠭ ᠢ ᠤᠷᠳᠤᠳᠬᠠᠬᠤ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠰᠣᠷᠣᠭᠴᠢ᠂ ᠬᠡᠷ ᠤᠨ ᠠᠬᠠᠮᠠᠳ ᠤᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠰᠠᠨᠠᠯ ᠳᠤ ᠪᠠᠰᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠵᠢᠴᠢ ᠰᠢᠮ᠎ᠡ ᠲᠡᠵᠢᠭᠡᠯᠲᠦ ᠬᠤᠭᠤᠯᠠ ᠶᠢ ᠲᠣᠬᠢᠷᠠᠭᠤᠯᠤᠨ ᠬᠦᠷᠭᠡᠬᠦ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠤᠨ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶ ᠲᠣᠭᠲᠠᠭᠠᠵᠠᠶ᠃ ᠡᠭᠦᠨ ᠤ ᠬᠠᠮᠲᠤ ᠰᠤᠷᠤᠭᠴᠢᠳ ᠤᠨ ᠦᠳᠡ ᠶᠢᠨ ᠬᠤᠭᠤᠯᠠ ᠦᠳᠡ ᠶᠢᠨ ᠠᠮᠠᠷᠠᠯᠲᠠ᠂ ᠬᠢᠴᠢᠶᠡᠯ ᠤᠨ ᠳᠠᠷᠠᠭᠠᠬᠢ ᠴᠠᠭ ᠤᠷᠳᠤᠳᠬᠠᠬᠤ ᠦᠢᠯᠡᠴᠢᠯᠡᠭᠡ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠷᠤᠳᠠᠯ ᠣᠯᠭᠤᠬᠤ ᠪᠠᠷᠢᠮᠵᠢᠶ᠎ᠠ ᠪᠣᠯᠤᠨ ᠣᠯᠭᠤᠬᠤ ᠠᠷᠭ᠎ᠠ ᠵᠡᠷᠭᠡ ᠳᠤ ᠪᠣᠳᠠᠲᠠᠶ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠪᠠ᠃http://mongol.people.com.cn/15833609.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ