ᠮᠠᠨ ᠤ ᠬᠤᠲᠠ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠢ ᠲᠠᠰ ᠳᠡᠪᠰᠢᠭᠦᠯᠬᠦ ᠵᠠᠭᠪᠤᠷ ᠢ ᠬᠦᠴᠦᠯᠡᠨ ᠪᠠᠶᠢᠭᠤᠯᠵᠤ ᠪᠣᠶ
ᠨᠡᠶᠢᠲᠡᠯᠡᠭᠰᠡᠨ ᠴᠠᠭ᠄
2020/12/25
      ︵ᠰᠤᠷᠪᠤᠯᠵᠢᠯᠠᠭᠴᠢ ᠴᠢ ᠰᠢᠶᠤᠤ ᠶᠠᠨ︶ ᠲᠦᠷᠦᠭᠦᠬᠡᠨ᠂ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ︽ᠬᠥᠬᠡᠬᠤᠲᠠ ᠶᠢᠨ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ︾ ︵ᠳᠣᠷᠣᠭᠰᠢ ︽ᠠᠵᠢᠯᠯᠠᠭᠠᠨ ᠤ ᠲᠥᠰᠦᠯ︾ ᠭᠡᠵᠦ ᠲᠣᠪᠴᠢᠯᠠᠨ᠎ᠠ︶  ᠢ ᠲᠣᠭᠲᠠᠭᠠᠪᠠ᠃ ︽ᠠᠵᠢᠯᠯᠠᠭᠠᠨ ᠤ ᠲᠥᠰᠦᠯ︾ ᠳᠤ ︽ᠣᠶᠤᠨᠴᠢ ᠬᠠᠮᠢᠶᠠᠷᠤᠯᠲᠠ︾ ᠪᠠᠷ ᠰᠢᠪᠲᠤᠯᠤᠯᠲᠠ ᠪᠣᠯᠭᠠᠵᠤ᠂ ︽ᠲᠥᠷᠥᠯ ᠬᠤᠪᠢᠶᠠᠨ ᠬᠢᠨᠠᠨ ᠬᠠᠮᠢᠶᠠᠷᠬᠤ︾ ᠪᠠᠷ ᠤᠳᠤᠷᠢᠳᠤᠮᠵᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠬᠢᠨᠠᠨ ᠬᠠᠮᠢᠶᠠᠷᠬᠤ᠂ ᠪᠣᠳᠠᠲᠠᠶ ᠶᠢ ᠡᠷᠬᠢᠮᠯᠡᠨ ᠬᠡᠷᠡᠭᠴᠡᠭᠡ  ᠲᠠᠢ ᠪᠠᠶᠢᠬᠤ ᠶᠢ ᠪᠠᠷᠢᠮᠲᠠᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠭᠤᠤᠯᠳᠠᠯᠭ᠎ᠠ ᠲᠠᠢ ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠢᠵᠢᠭ ᠢ ᠰᠡᠷᠭᠡᠶᠢᠯᠡᠨ ᠬᠤᠷᠢᠬᠯᠠᠬᠤ ᠶᠢ ᠪᠠᠶᠢᠩᠭᠤᠵᠢᠭᠤᠯᠤᠭᠰᠠᠨ ᠤᠷᠢᠲᠠᠯ ᠳᠣᠤᠷ᠎ᠠ ᠬᠡᠷᠡᠭᠯᠡᠭᠴᠢᠳ ᠤᠨ ᠠᠮᠤᠷ ᠲᠦᠪᠰᠢᠨ᠂ ᠡᠷᠡᠭᠦᠯ ᠮᠡᠨᠳᠦ ᠢᠳᠡᠭᠡᠨ ᠤᠮᠳᠠᠭᠠᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ ᠭᠡᠵᠦ ᠲᠣᠳᠣᠷᠬᠠᠶᠢᠯᠠᠪᠠ᠃      ︽ᠠᠵᠢᠯᠯᠠᠭᠠᠨ ᠤ ᠲᠥᠰᠦᠯ︾ ᠳᠤ ᠭᠤᠤᠯᠳᠠᠭᠤ ᠳᠣᠤᠷᠠᠬᠢ ᠵᠢᠷᠭᠤᠭᠠᠨ ᠵᠦᠢᠯ ᠢᠶᠠᠷ ᠭᠤᠤᠯᠳᠠᠯᠭ᠎ᠠ ᠲᠠᠢ ᠬᠢᠨᠠᠨ ᠬᠠᠮᠢᠶᠠᠷᠬᠤ ᠬᠦᠷᠢᠶ᠎ᠡ ᠴᠠᠷᠠᠭ᠎ᠠ ᠪᠣᠯᠭᠠᠪᠠ᠄ ᠠᠵᠢᠯᠲᠠᠨ ᠤ ᠪᠤᠯᠪᠠᠰᠤᠷᠠᠯ ᠢᠶᠠᠷ ᠭᠤᠤᠯᠳᠠᠯᠭ᠎ᠠ ᠪᠣᠯᠭᠠᠵᠤ᠂ ᠪᠠᠶᠢᠴᠠᠭᠠᠬᠤ ᠪᠠ ᠰᠤᠭᠤᠴᠢᠨ ᠰᠢᠯᠭᠠᠬᠤ ᠶᠢ ᠴᠢᠩᠭᠠᠷᠠᠭᠤᠯᠤᠨ᠂ ᠠᠵᠢᠯ ᠡᠷᠭᠢᠯᠡᠭᠰᠡᠳ ᠤᠨ ᠵᠢᠷᠤᠮᠵᠢᠯ ᠲᠠᠢ ᠠᠵᠢᠯᠯᠠᠬᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠬᠦ︔ ᠬᠤᠭᠤᠯᠠ ᠤᠮᠳᠠ ᠶᠢᠨ ᠲᠣᠭᠤᠭᠠᠨ ᠭᠡᠷ ᠢᠶᠠᠷ ᠭᠤᠣᠯᠳᠠᠯᠭ᠎ᠠ ᠪᠣᠯᠭᠠᠨ᠂ ᠭᠤᠣᠯᠳᠠᠯᠭ᠎ᠠ ᠲᠠᠢ ᠣᠷᠣᠨ ᠪᠦᠰᠡ ᠶᠢᠨ ᠪᠠᠶᠢᠴᠠᠭᠠᠯᠲᠠ ᠶᠢ ᠳᠣᠪᠤᠶᠢᠯᠭᠠᠵᠤ᠂ ᠬᠤᠭᠤᠯᠠ ᠤᠮᠳᠠ ᠶᠢᠨ ᠣᠷᠴᠢᠨ ᠲᠣᠭᠤᠷᠢᠨ ᠪᠤᠵᠠᠷ ᠰᠠᠮᠠᠭᠤᠨ ᠪᠠᠷᠤᠭᠲᠠᠶ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ︔ ᠪᠠᠷᠠᠭ᠎ᠠ ᠣᠷᠣᠭᠤᠯᠬᠤ ᠲᠤ ᠪᠠᠶᠢᠴᠠᠭᠠᠨ ᠰᠢᠯᠭᠠᠬᠤ ᠪᠠᠷ ᠭᠤᠣᠯᠳᠠᠯᠭ᠎ᠠ ᠪᠣᠯᠭᠠᠨ᠂ ᠬᠤᠭᠤᠯᠠ ᠤᠮᠳᠠ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠪᠠᠷᠠᠭ᠎ᠠ ᠣᠷᠣᠭᠤᠯᠬᠤ ᠲᠤ ᠪᠠᠶᠢᠴᠠᠭᠠᠨ ᠰᠢᠯᠭᠠᠭᠰᠠᠨ ᠲᠡᠮᠳᠡᠭᠯᠡᠯ ᠬᠢᠬᠦ ᠡᠭᠦᠷᠭᠡ ᠶᠢ ᠭᠦᠢᠴᠡᠳᠬᠡᠯᠭᠡᠵᠦ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠨᠡᠬᠡᠮᠵᠢᠯᠡᠬᠦ ᠲᠠᠯ᠎ᠠ ᠪᠠᠷ ᠬᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ︔ ᠬᠤᠭᠤᠯᠠ  ᠤᠮᠳᠠ ᠶᠢᠨ ᠬᠡᠷᠡᠭᠰᠡᠯ ᠢ ᠤᠬᠢᠶᠠᠵᠤ ᠠᠷᠢᠭᠤᠳᠬᠠᠬᠤ ᠪᠠᠷ ᠭᠤᠣᠯᠳᠠᠯᠭ᠎ᠠ ᠪᠣᠯᠭᠠᠨ᠂ ᠬᠢᠨᠠᠯᠲᠠ ᠲᠠᠯᠪᠢᠵᠤ ᠪᠠᠶᠢᠴᠠᠭᠠᠬᠤ᠂  ᠰᠢᠯᠭᠠᠨ ᠪᠠᠶᠢᠴᠠᠭᠠᠬᠤ ᠪᠠ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠳᠦᠷᠢᠮ ᠢ ᠬᠡᠷᠡᠭᠵᠢᠭᠦᠯᠬᠦ ᠲᠠᠯ᠎ᠠ ᠪᠠᠷ ᠬᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ︔ ︽ᠲᠣᠭᠤᠭᠠᠨ ᠭᠡᠷ ᠢ ᠠᠷᠢᠭᠤᠨ ᠴᠡᠪᠡᠷ ᠪᠠᠶᠢᠯᠭᠠᠬᠤ︾᠂ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠬᠤ ᠪᠠᠷ ᠭᠤᠣᠯᠳᠠᠯᠭ᠎ᠠ ᠪᠣᠯᠭᠠᠨ᠂ ᠨᠡᠶᠢᠭᠡᠮ ᠤᠨ ᠬᠢᠨ ᠬᠠᠮᠲᠤᠪᠠᠷ ᠵᠠᠰᠠᠬᠤ ᠶᠢ ᠴᠢᠩᠭᠠᠷᠠᠭᠤᠯᠵᠤ᠂ ᠱᠠᠩᠨᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠢᠯᠡᠴᠢᠯᠡᠨ ᠮᠡᠳᠡᠭᠦᠯᠵᠦ  ᠵᠠᠭᠠᠯᠳᠤᠬᠤ ᠪᠠ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ  ᠪᠠᠨ ᠨᠠᠶᠢᠳᠠᠪᠤᠷᠢᠵᠢᠭᠤᠯᠬᠤ ᠦᠭᠡᠶ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ︔ ᠬᠥᠳᠡᠭᠡ ᠲᠣᠰᠬᠤᠨ ᠤ ᠬᠠᠮᠲᠤ  ᠪᠠᠷ ᠢᠳᠡᠬᠦ ᠬᠤᠭᠤᠯᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠵᠤ᠂ ᠬᠥᠳᠡᠭᠡ ᠲᠣᠰᠬᠤᠨ ᠤ ᠬᠠᠮᠲᠤ  ᠪᠠᠷ ᠢᠳᠡᠬᠦ ᠬᠤᠭᠤᠯᠠ ᠶᠢᠨ ᠬᠠᠮᠢᠶᠠᠷᠤᠯᠲᠠ ᠶᠢ ᠪᠤᠳᠠᠳᠠᠢ ᠨᠠᠶᠢᠳᠠᠪᠤᠷᠢᠵᠢᠭᠤᠯᠤᠬᠰᠠᠨ  ᠥᠬᠡᠶ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠪᠤᠯᠤᠨ᠎ᠠ  ᠃      ︽ᠠᠵᠢᠯᠯᠠᠭᠠᠨ ᠤ ᠲᠥᠰᠦᠯ︾ ᠳᠤ᠂ ︽ᠣᠶᠤᠨᠴᠢ ᠬᠠᠮᠢᠶᠠᠷᠤᠯᠲᠠ︾ ᠶᠢᠨ ᠠᠷᠭ᠎ᠠ ᠬᠡᠯᠪᠡᠷᠢ ᠶᠢ ᠲᠣᠳᠣᠷᠬᠠᠶᠢᠯᠠᠵᠤ᠂ ︽ᠢᠨᠲ᠋ᠧᠷ ᠰᠦᠯᠵᠢᠶ᠎ᠡ + ᠭᠠᠯ ᠲᠣᠭᠤᠭ᠎ᠠ︾ ᠶᠢᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ  ᠂ ︽ᠢᠨᠲ᠋ᠧᠷ ᠰᠦᠯᠵᠢᠶ᠎ᠡ + ᠠᠷᠢᠭᠤᠨ ᠴᠡᠪᠡᠷ ᠲᠣᠭᠤᠭᠠᠨ ᠬᠡᠷ︾  ᠢ ᠨᠡᠶᠢᠭᠡᠮ ᠤᠨ ᠬᠠᠮᠲᠤ ᠪᠠᠷ ᠵᠠᠰᠠᠬᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠢᠨᠲ᠋ᠧᠷ ᠰᠦᠯᠵᠢᠶ᠎ᠡ +᠂ ᠭᠠᠷ ᠤᠲᠠᠰᠤᠨ ᠤ App ᠵᠡᠷᠭᠡ ᠬᠡᠯᠪᠡᠷᠢ ᠶᠢ ᠠᠰᠢᠭᠯᠠᠨ᠂ ᠨᠡᠶᠢᠭᠡᠮ ᠨᠡᠶᠢᠲᠡ ᠳᠤ ᠴᠠᠭ ᠲᠤᠬᠠᠶ ᠳᠤᠨᠢ ᠳᠡᠯᠭᠡᠨ ᠦᠵᠡᠭᠦᠯᠵᠦ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠣᠯᠠᠨ ᠲᠦᠮᠡᠨ  ᠢᠶᠠᠷ ᠬᠢᠨᠠᠯᠲᠠ ᠲᠠᠯᠪᠢᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠯᠭᠠᠨ᠎ᠠ  ᠃      ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠷᠪᠠᠳᠠᠬᠢ ᠡᠲᠡᠭᠡᠳ ᠤᠨ ᠲᠠᠪᠴᠠᠩ ᠢ ᠬᠢᠨᠠᠨ ᠪᠠᠶᠢᠴᠠᠭᠠᠵᠤ ᠳᠠᠩᠰᠠᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠭᠠᠷ ᠤᠲᠠᠰᠤᠨ ᠤ App ᠵᠡᠷᠭᠡ ᠰᠢᠯᠵᠢᠮᠡᠯ ᠦᠵᠦᠭᠦᠷ ᠤᠨ ᠰᠦᠯᠵᠢᠶᠡᠨ ᠳᠤ ᠣᠷᠣᠬᠤ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠲᠠᠪᠴᠠᠩ ᠤᠨ ᠮᠡᠷᠭᠡᠵᠢᠯ ᠤᠨ ᠳᠠᠪᠠᠭᠤᠯᠢᠭ ᠢ ᠠᠰᠢᠭᠯᠠᠨ᠂ ᠲᠡᠳᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠳ᠋ᠠᠶᠢᠲ᠋ᠠ ᠬᠥᠮᠥᠷᠭᠡ ᠶᠢ ᠬᠠᠨᠭ᠍ᠭᠠᠵᠤ᠂ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠲᠤᠯᠬᠤ ᠠᠴᠠ ᠡᠮᠦᠨ᠎ᠡ ᠰᠠᠨᠠᠭᠤᠯᠬᠤ᠂ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ  ᠨᠢ ᠬᠡᠳᠦᠷᠡᠪᠡᠯ ᠰᠦᠯᠵᠢᠶᠡᠨ ᠠᠴᠠ ᠪᠠᠭᠤᠯᠭᠠᠬᠤ ᠶᠢ ᠬᠡᠷᠡᠭᠵᠢᠭᠦᠯᠦᠨ᠎ᠡ᠃ ᠡᠭᠦᠨ ᠤ ᠬᠠᠮᠲᠤ᠂ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠣᠶᠤᠨᠴᠢ ᠬᠠᠮᠢᠶᠠᠷᠤᠯᠲᠠ ᠶᠢᠨ ᠰᠢᠰᠲ᠋ᠧᠮ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ  ᠪᠤᠳᠠᠳᠠᠢ ᠪᠠᠷ ᠨᠠᠶᠢᠳᠠᠪᠤᠷᠢᠵᠢᠭᠤᠯᠬᠤ  ᠶᠢ ᠦᠨᠡᠨᠬᠦ ᠪᠠᠲᠤᠯᠠᠨ᠎ᠠ᠃      ᠵᠢᠭᠠᠨ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠰᠢᠯᠢᠳᠡᠭᠵᠢᠭᠦᠯᠦᠨ  ᠵᠢᠷᠤᠮᠵᠢᠭᠤᠯᠬᠤ ᠲᠠᠯ᠎ᠠ  ᠪᠠᠷ᠂ ᠣᠶᠤᠨᠴᠢ ᠬᠢᠨᠠᠯᠲᠠ ᠬᠠᠮᠢᠶᠠᠷᠤᠯᠲᠠ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠪᠴᠠᠩ᠂ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠬᠤ ᠲᠠᠪᠴᠠᠩ ᠵᠡᠷᠭᠡ ᠳᠤ ᠲᠦᠰᠢᠭᠯᠡᠨ ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠷᠣᠭᠤᠯᠬᠤ᠂ ᠲᠤᠰᠬᠠᠶ  ᠵᠦᠢᠯ ᠢᠶᠠᠷ ᠪᠠᠶᠢᠴᠠᠭᠠᠵᠤ ᠬᠤᠪᠢᠶᠠᠷᠢᠯᠠᠬᠤ᠂ ᠨᠡᠷᠡᠰ ᠢ ᠰᠢᠭᠰᠢᠨ ᠰᠣᠩᠭᠤᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠰᠢᠯᠵᠢᠮᠡᠯ ᠬᠠᠤᠯᠢ ᠬᠡᠷᠡᠭᠵᠢᠭᠦᠯᠬᠦ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠶᠢᠨ ᠠᠵᠢᠯ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠢᠳᠡᠭᠡᠨ ᠤᠮᠳᠠᠭᠠᠨ ᠤ ᠵᠦᠢᠯᠡᠰ ᠤᠨ ᠠᠮᠤᠷ ᠲᠦᠪᠰᠢᠨ ᠤ ᠪᠠᠲᠤᠯᠠᠭ᠎ᠠ ᠳᠤ ᠴᠢᠭᠯᠡᠭᠦᠯᠦᠨ᠂ ᠠᠵᠤ ᠠᠬᠤᠶᠢᠯᠠᠯ ᠢᠶᠠᠷ ᠤᠳᠤᠷᠢᠳᠤᠮᠵᠢ ᠪᠣᠯᠭᠠᠭᠰᠠᠨ᠂ ᠬᠤᠳᠠ ᠬᠥᠳᠡᠭᠡ ᠶᠢᠨ ᠰᠢᠯᠵᠢᠮᠡᠯ ᠳᠠᠶᠢᠯᠠᠯᠭ᠎ᠠ ᠶᠢᠨ ᠢᠨᠲ᠋ᠧᠷ ᠰᠦᠯᠵᠢᠶᠡᠨ ᠤ ᠲᠠᠪᠴᠠᠩ᠂ ᠨᠡᠭᠦᠳᠡᠯ ᠲᠣᠭᠤᠭᠠᠴᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠪᠴᠠᠩ᠂ ᠬᠥᠳᠡᠭᠡ ᠲᠣᠰᠬᠤᠨ ᠤ ᠮᠡᠳᠡᠭᠡ ᠵᠠᠩᠭᠢ ᠶᠢᠨ ᠤᠯᠠᠨ ᠵᠠᠭᠤᠴᠢᠳᠤ ᠲᠠᠪᠴᠠᠩ ᠢ ᠨᠢᠭᠡ ᠴᠤᠬᠴᠠᠵᠢᠭᠤᠯᠤᠬᠰᠠᠨ ᠦᠢᠯᠡᠴᠢᠯᠡᠭᠡᠨ ᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠬᠠᠮᠲᠤ  ᠪᠠᠷ ᠬᠤᠭᠤᠯᠠ ᠢᠳᠡᠬᠦ ᠠᠵᠢᠯᠯᠠᠭ᠎ᠠ ᠬᠠᠷᠢᠴᠠᠩᠭᠤᠢ ᠪᠠᠷ ᠲᠥᠪᠯᠡᠷᠡᠭᠰᠡᠨ ᠺᠣᠮᠫᠠᠨᠢᠴᠢᠯᠠᠭᠰᠠᠨ ᠡᠵᠡᠩᠨᠡᠯᠲᠡ ᠶᠢ ᠪᠡᠶᠡᠯᠡᠭᠦᠯᠦᠨ᠎ᠡ᠃ ᠰᠦᠯᠵᠢᠶᠡᠨ ᠤ ᠢᠳᠡᠭᠡᠨ ᠤᠮᠳᠠᠭᠠᠨ ᠤ  ᠦᠢᠯᠡᠴᠢᠯᠡᠭᠡᠨ ᠤ ᠭᠤᠷᠪᠠᠳᠠᠬᠢ ᠡᠲᠡᠭᠡᠳ ᠤᠨ ᠲᠠᠪᠴᠠᠩ ᠤᠨ ᠪᠦᠷᠢᠳᠬᠡᠨ ᠳᠠᠩᠰᠠᠯᠠᠬᠤ ᠬᠠᠮᠢᠶᠠᠷᠤᠯᠲᠠ ᠪᠠ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠯᠳᠠ ᠳᠤ ᠴᠢᠭᠯᠡᠭᠦᠯᠦᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠷᠪᠠᠳᠠᠬᠢ ᠡᠲᠡᠭᠡᠳ ᠤᠨ ᠲᠠᠪᠴᠠᠩ ᠳᠡᠭᠡᠷ᠎ᠡ ᠢᠯᠡ ᠨᠡᠶᠢᠲᠡᠯᠡᠭᠰᠡᠨ ᠭᠡᠷᠡᠴᠢ ᠦᠨᠡᠮᠯᠡᠯ᠂ ᠬᠠᠶ᠋ᠢᠭ ᠵᠡᠷᠭᠡ ᠮᠡᠳᠡᠭᠡ ᠵᠠᠩᠭᠢ ᠳᠤ ᠬᠢᠨᠠᠨ ᠪᠠᠶᠢᠴᠠᠭᠠᠯᠳᠠ  ᠬᠢᠵᠦ᠂ ᠢᠯᠡ ᠨᠡᠶᠢᠲᠡᠯᠡᠭᠰᠡᠨ ᠥᠬᠡᠶ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠪᠠ ᠢᠯᠡ ᠨᠡᠶᠢᠲᠡᠯᠡᠭᠰᠡᠨ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠠᠴᠠ   ᠪᠠᠨ ᠬᠡᠲᠦᠷᠡᠭᠰᠡᠨ  ᠪᠠᠶᠢᠳᠠᠯ᠂ ᠢᠯᠡ ᠨᠡᠶᠢᠲᠡᠯᠡᠭᠰᠡᠨ ᠥᠬᠡᠶ ᠢᠳᠡᠰᠢᠨ ᠨᠣᠭᠤᠭ᠎ᠠ ᠶᠢᠨ ᠭᠤᠤᠯ ᠲᠦᠭᠦᠬᠡᠶ ᠮᠠᠲ᠋ᠧᠷᠢᠶᠠᠯ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠢᠭᠰᠢᠨ ᠪᠠᠶᠢᠴᠠᠭᠠᠨ᠎ᠠ᠃      ᠬᠤᠭᠤᠯᠠ ᠤᠮᠳᠠ ᠶᠢᠨ ᠠᠵᠢᠯ ᠡᠷᠬᠢᠯᠡᠭᠰᠡᠳ ᠤᠨ ᠪᠤᠯᠪᠠᠰᠤᠷᠠᠯ ᠢ ᠴᠢᠩᠭᠠᠷᠠᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠤᠭᠰᠠᠨ‌‍ᠰᠡᠳᠦᠪ ᠤᠨ ᠬᠥᠮᠥᠷᠭᠡ᠂ ᠰᠤᠷᠤᠯᠴᠠᠬᠤ ᠬᠢᠴᠢᠶᠡᠯ ᠪᠤᠶᠤ ᠮᠠᠲ᠋ᠧᠷᠢᠶᠠᠯ ᠤᠨ ᠬᠥᠮᠥᠷᠭᠡ᠂  ᠪᠤᠯᠪᠠᠰᠤᠷᠠᠯ ᠬᠦᠷᠳᠡᠭᠡᠵᠦ ᠰᠢᠯᠭᠠᠨ ᠬᠢᠨᠠᠬᠤ ᠰᠢᠰᠲ᠋ᠧᠮ ᠪᠤᠶᠤ ᠲᠠᠪᠴᠠᠩ ᠢ ᠭᠦᠢᠴᠡᠳ ᠠᠰᠢᠭᠯᠠᠨ ᠪᠤᠯᠪᠠᠰᠤᠷᠠᠯ  ᠬᠢᠨ᠎ᠡ ᠬᠡᠪᠡ᠃http://mongol.people.com.cn/15833659.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号