ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/25
ᠶᠦᠨ ᠵᠢᠶᠠᠨ ᠳ᠋ᠦᠩ ᠣᠷᠣᠯᠴᠠᠪᠠ      ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠦᠨ ᠵᠢᠶᠠᠨ ᠳ᠋ᠦᠩ᠂ ᠳᠡᠳ᠋ ᠡᠷᠬᠢᠯᠡᠭᠴᠢ ᠯᠢᠦ ᠮᠢᠨ᠂ ᠮᠠ ᠬᠤᠢ ᠵᠢᠶᠦ᠋ᠨ᠂ ᠭᠥᠸᠧ ᡁᠢ ᠭᠠᠩ᠂ ᠨᠠᠷᠢᠨ ᠪᠢᠴᠢᠭ ᠤᠨ ᠳᠠᠷᠤᠭ᠎ᠠ ᠵᠠᠩ ᠰᠢᠶᠥᠥ ᠹᠠᠨ ᠵᠢᠴᠢ ᠪᠠᠶᠢᠩᠭᠤ ᠶᠢᠨ ᠬᠤᠷᠢᠶ᠎ᠠ ᠶᠢᠨ ᠭᠡᠰᠢᠭᠦᠳ ᠨᠡᠶᠢᠲᠡ 31 ᠬᠥᠮᠥᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠬᠦᠷᠴᠡᠢ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠡᠴᠡᠨᠪᠢᠯᠢᠭ ᠬᠤᠷᠠᠯ ᠢ ᠡᠷᠬᠢᠯᠡᠪᠡ᠃      ᠬᠤᠲᠠ ᠶᠢᠨ ᠳᠡᠳ᠋ ᠳᠠᠷᠤᠭ᠎ᠠ ᠰᠢᠦᠢ ᠷᠦᠢ ᠰᠢᠶᠠ᠂ ᠪᠢ ᠭᠥᠸᠧ ᠴᠧᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠪᠣᠯᠣᠨ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠪᠢ ᠭᠥᠸᠧ ᠴᠧᠨ ᠤ ᠬᠢᠭᠰᠡᠨ ᠬᠤᠲᠠ ᠶᠢᠨ ᠵᠠᠰᠠᠭ ᠤᠨ ᠣᠷᠳᠣᠨ ᠤ ︽ᠲᠥᠪ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠨ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠰᠠᠨᠠᠯ ᠵᠥᠪᠯᠡᠯᠭᠡ︾ ︽︿ᠬᠥᠬᠡᠬᠤᠲᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠭᠠᠯ ᠠᠰᠠᠭᠠᠬᠤ ᠶᠢ ᠴᠠᠭᠠᠵᠠᠯᠠᠬᠤ ᠲᠣᠭᠲᠠᠭᠠᠯ ︵ᠲᠥᠰᠥᠯ︶﹀ ᠢ ᠳᠡᠪᠰᠢᠭᠦᠯᠦᠨ ᠬᠢᠨᠠᠨ ᠵᠥᠪᠯᠡᠭᠦᠯᠬᠦ ᠲᠤᠬᠠᠢ ᠰᠠᠨᠠᠯ ᠵᠥᠪᠯᠡᠯᠭᠡ︾ ᠶᠢᠨ ᠲᠣᠳᠣᠷᠬᠠᠶᠢᠯᠠᠯᠲᠠ︔ ᠰᠢᠦᠢ ᠷᠦᠢ ᠰᠢᠶᠠ ᠶᠢᠨ ᠬᠢᠭᠰᠡᠨ ᠬᠤᠲᠠ ᠶᠢᠨ ᠵᠠᠰᠠᠭ ᠤᠨ ᠣᠷᠳᠣᠨ ᠤ ︽︿ᠬᠥᠬᠡᠬᠤᠲᠠ ᠶᠢᠨ ᠰᠢᠨ᠎ᠡ ᠪᠠᠷ ᠪᠠᠶᠢᠭᠤᠯᠤᠭᠰᠠᠨ ᠥᠷᠭᠡᠳᠬᠡᠨ ᠪᠠᠶᠢᠭᠤᠯᠤᠭᠰᠠᠨ ᠵᠥᠷᠢᠯᠢᠭ ᠬᠥᠭᠦᠷᠭᠡ ᠶᠢ ᠨᠡᠷᠡᠶᠢᠳᠬᠦ ᠨᠡᠷᠡᠶᠢᠳᠦᠯ ﹀ ᠢ ᠳᠡᠪᠰᠢᠭᠦᠯᠦᠨ ᠬᠢᠨᠠᠨ ᠵᠥᠪᠯᠡᠭᠦᠯᠬᠦ ᠲᠤᠬᠠᠢ ᠰᠠᠨᠠᠯ ᠵᠥᠪᠯᠡᠯᠭᠡ︾ ᠶᠢᠨ ᠲᠣᠳᠣᠷᠬᠠᠶᠢᠯᠠᠯᠲᠠ ᠂ ︽ᠮᠠᠨ ᠤ ᠬᠤᠲᠠ ᠶᠢᠨ ︿ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2011- 2020︶᠂ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2011 - 2020︶ ᠶᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ﹀︾︔ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠣᠩᠭᠤᠨ ᠲᠣᠮᠢᠯᠠᠬᠤ ᠪᠠ ᠬᠠᠷᠢᠯᠴᠠᠬᠤ ᠵᠥᠪᠯᠡᠯ ᠤᠨ ᠡᠷᠬᠢᠯᠡᠭᠴᠢ ᠸᠠᠩ ᠬᠤᠩ ᠤᠨ ᠬᠢᠭᠰᠡᠨ ᠬᠤᠲᠠ ᠶᠢᠨ ᠠᠷᠠᠳ ᠤᠨ ᠲᠥᠯᠥᠭᠡᠯᠡᠭᠴᠢᠳ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠶᠢᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠮᠳᠠᠭᠤᠯᠤᠨ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ︾︔ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠹᠠᠨ ᠠᠢ ᠶᠢ ᠶᠢᠨ ᠬᠢᠭᠰᠡᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ︽ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠶᠢᠨ ᠲᠥᠯᠥᠭᠡᠯᠡᠭᠴᠢ ᠶᠢᠨ ᠰᠠᠨᠠᠯ ᠵᠥᠪᠯᠡᠯᠭᠡ ᠰᠠᠨᠠᠯ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ︾ ᠶᠢ ᠰᠣᠨᠣᠰᠴᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号