ᠬᠥᠬᠡᠬᠤᠲᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠡᠷᠢᠭ ᠢ ᠳᠠᠭᠠᠭᠰᠠᠨ ᠭᠡᠷ ᠪᠦᠯᠢ ᠶᠢᠨ  ᠬᠢᠨ ᠳᠤ ᠶᠡᠷᠦᠩᠬᠡᠶᠢᠯᠡᠭᠰᠡᠨ ᠴᠢᠨᠠᠷᠲᠠᠢ ᠠᠵᠢᠯ ᠤᠨ ᠪᠠᠶᠢᠷᠢ ᠲᠠᠨᠢᠯᠴᠠᠭᠤᠯᠤᠨ ᠲᠥᠪᠬᠢᠨᠡᠭᠦᠯᠵᠦ ᠢᠯᠡ ᠪᠠᠷ ᠠᠵᠢᠯ ᠤᠨ ᠪᠠᠶᠢᠷᠢ ᠰᠣᠩᠭᠤᠬᠤ ᠶᠡᠭᠡ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2020/12/25
     12 ᠳ᠋ᠤᠭᠠᠷ ᠰᠠᠷ᠎ᠠ ᠶᠢᠨ 22 ᠤᠨ ᠡᠳᠦᠷ᠂ 2020 ᠣᠨ ᠤ ᠬᠥᠬᠡᠬᠤᠲᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠶᠡᠷᠦᠩᠬᠡᠶᠢᠯᠡᠭᠰᠡᠨ ᠴᠢᠨᠠᠷᠲᠠᠢ ᠠᠵᠢᠯ ᠤᠨ ᠪᠠᠶᠢᠷᠢ ᠲᠠᠨᠢᠯᠴᠠᠭᠤᠯᠤᠨ ᠲᠥᠪᠬᠢᠨᠡᠭᠦᠯᠵᠦ ᠢᠯᠡ ᠪᠠᠷ ᠠᠵᠢᠯ ᠤᠨ ᠪᠠᠶᠢᠷᠢ ᠰᠣᠩᠭᠤᠬᠤ ᠶᠡᠭᠡ ᠬᠤᠷᠠᠯ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠳᠤ ᠶᠠᠪᠤᠭᠳᠠᠪᠠ᠃      ᠮᠠᠨ ᠤ ᠬᠤᠲᠠ ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠡ ᠶᠢᠨ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠤ ᠠᠵᠢᠯ ᠣᠯᠬᠤ ᠶᠢ ᠰᠢᠢᠳᠪᠦᠷᠢᠯᠡᠭᠰᠡᠨ ᠰᠠᠭᠤᠷᠢᠨ ᠳᠡᠭᠡᠷ᠎ᠡ᠂ 43 ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠤᠨ ᠪᠠᠶᠢᠷᠢ ︵ᠶᠡᠷᠦᠩᠬᠡᠶᠢᠯᠡᠭᠰᠡᠨ ᠴᠢᠨᠠᠷᠲᠠᠢ ᠠᠵᠢᠯ ᠤᠨ ᠪᠠᠶᠢᠷᠢ 16᠂ ᠲᠤᠰᠬᠠᠢ ᠮᠡᠷᠭᠡᠵᠢᠯ ᠤᠨ ᠴᠢᠨᠠᠷᠲᠠᠢ ᠠᠵᠢᠯ ᠤᠨ ᠪᠠᠶᠢᠷᠢ 27︶ ᠭᠠᠷᠭᠠᠵᠤ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠢ ᠲᠥᠪᠬᠢᠨᠡᠭᠦᠯᠪᠡ᠂ ᠡᠨᠡ ᠨᠢ ᠮᠠᠨ ᠤ ᠬᠤᠲᠠ ᠶᠢᠨ ᠴᠡᠷᠢᠭ ᠬᠥᠮᠥᠨ ᠤ ︽ᠭᠤᠷᠪᠠᠨ ᠠᠷᠤ︾ ᠶᠢᠨ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠠᠷᠭ᠎ᠠ ᠬᠡᠮᠵᠢᠶ᠎ᠡ ᠮᠥᠨ᠂ ᠮᠥᠨᠴᠦ ᠴᠡᠷᠢᠭ ᠠᠩᠭᠢ ᠳᠤ ᠦᠢᠯᠡᠴᠢᠯᠡᠬᠦ᠂ ᠦᠨᠳᠦᠰᠦᠨ ᠱᠠᠲᠤᠨ ᠳᠤ ᠦᠢᠯᠡᠴᠢᠯᠡᠬᠦ᠂ ᠳᠠᠷᠤᠭ᠎ᠠ ᠪᠠᠶᠢᠯᠳᠤᠭᠴᠢ ᠳᠤ ᠦᠢᠯᠡᠴᠢᠯᠡᠬᠦ ᠪᠣᠳᠠᠲᠠᠢ ᠢᠯᠡᠷᠡᠯ ᠪᠣᠯᠣᠨ᠎ᠠ᠃ ᠰᠤᠷᠪᠤᠯᠵᠢᠯᠠᠭᠴᠢ ᠠᠷᠢᠭᠤᠨ᠎ᠠ  ᠴᠢᠮᠡᠭᠡᠯᠡᠭᠴᠢ ᠠᠥ ᠮᠢᠨ  ᠾᠥᠸᠧ ᠰᠢᠶᠠᠨ ᠶᠢᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号