ᠰᠢᠨᠬᠤᠧᠠ ᠰᠦᠯᠵᠢᠶᠡᠨ ᠤ ᠪᠡᠭᠡᠵᠢᠩ ᠤᠨ 12 ᠰᠠᠷ᠎ᠠ ᠶᠢᠨ 24 ᠤ ᠡᠳᠦᠷ ᠤᠨ ᠮᠡᠳᠡᠭᠡ ᠰᠤᠷᠭᠠᠨ | ᠬᠥᠮᠦᠵᠢᠯ ᠤᠨ ᠶᠠᠮᠤᠨ ᠥᠨᠥᠳᠦᠷ 2020 ᠣᠨ ᠤ ᠰᠤᠷᠭᠠᠨ ᠬᠥᠮᠦᠵᠢᠯ ᠤᠨ ︽ᠰᠡᠭᠦᠯ ᠬᠤᠷᠢᠶᠠᠬᠤ︾ ᠰᠢᠷᠢᠰ | ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ | ᠵᠢᠭᠠᠬᠤ ᠮᠠᠲ᠋ᠧᠷᠢᠶᠠᠯ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ | ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠣᠪᠴᠢᠶᠠᠨ ᠤ ᠳᠠᠷᠤᠭ᠎ᠠ ᠲᠢᠶᠠᠨ ᠬᠤᠶ ᠱᠧᠩ ᠰᠣᠨᠢᠨ | ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠂ ᠰᠤᠷᠭᠠᠨ ᠬᠥᠮᠦᠵᠢᠯ ᠤᠨ ᠶᠠᠮᠤᠨ ᠵᠢᠭᠠᠬᠤ ᠮᠠᠲ᠋ᠧᠷᠢᠶᠠᠯ ᠤᠨ | ᠠᠵᠢᠯ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠵᠢᠭᠠᠬᠤ ᠮᠠᠲ᠋ᠧᠷᠢᠶᠠᠯ ᠤᠨ ︽ | ᠲᠠᠪᠤᠨ ᠶᠡᠭᠡ ᠰᠢᠰᠲ᠋ᠧᠮ︾ ᠤᠨ ᠪᠠᠶᠢᠭᠤᠯᠤᠯᠲᠠ ᠶᠢ ᠴᠢᠬᠤᠯᠠ ᠶᠡᠭᠡ ᠰᠢᠪᠲᠤᠯᠤᠯᠲᠠ ᠲᠠᠢ ᠪᠣᠯᠭᠠᠵᠤ᠂ ᠵᠢᠭᠠᠬᠤ | ᠮᠠᠲ᠋ᠧᠷᠢᠶᠠᠯ ᠤᠨ ᠠᠵᠢᠯ ᠤᠨ ᠪᠠᠶᠢᠷᠢᠰᠢᠯ ᠳᠤ ᠲᠡᠤᠬᠡᠲᠦ ᠴᠢᠨᠠᠷᠲᠠᠶ ᠬᠤᠪᠢᠷᠠᠯᠲᠠ ᠭᠠᠷᠭᠠᠪᠠ ᠭᠡᠪᠠ᠃ | ᠲᠠᠨᠢᠯᠴᠠᠭᠤᠯᠤᠭᠰᠠᠨ ᠢ ᠦᠨᠳᠦᠰᠦᠯᠡᠪᠡᠯ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ᠂ ᠰᠢᠨ᠎ᠡ ᠵᠢᠭᠠᠬᠤ ᠮᠠᠲ᠋ᠧᠷᠢᠶᠠᠯ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠰᠢᠰᠲ᠋ᠧᠮ ᠢ | ᠠᠩᠬ᠎ᠠ ᠠᠯᠬᠤᠮ ᠲᠣᠭᠲᠠᠭᠠᠪᠠ᠃ ︽ᠰᠤᠷᠭᠠᠨ ᠬᠥᠮᠦᠵᠢᠯ ᠤᠨ ᠶᠠᠮᠤᠨ ᠶᠠᠮᠤᠨ ᠤ ᠳᠣᠲᠣᠭᠠᠳᠤᠬᠢ ᠲᠠᠪᠤᠨ ᠵᠤᠷᠭᠠᠨ | ᠲᠣᠪᠴᠢᠶ᠎ᠠ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠵᠦ᠂ | ᠵᠢᠭᠠᠬᠤ ᠮᠠᠲ᠋ᠧᠷᠢᠶᠠᠯ ᠤᠨ ᠲᠣᠪᠴᠢᠶ᠎ᠠ ᠶᠢ ᠪᠠᠶᠢᠭᠤᠯᠤᠨ᠂ ᠵᠢᠭᠠᠬᠤ ᠮᠠᠲ᠋ᠧᠷᠢᠶᠠᠯ ᠤᠨ ᠪᠥᠲᠥᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠲᠦᠷᠦᠭᠦᠯᠡᠨ ᠬᠠᠷᠢᠭᠤᠴᠠᠭᠤᠯᠵᠤ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠤᠨ ᠠᠯᠪᠠᠨ | ᠬᠡᠷ ᠤᠨ ᠠᠵᠢᠯ ᠢ ᠡᠭᠦᠷᠭᠡᠯᠡᠬᠦᠯᠪᠡ᠃ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠥᠬᠦᠶ ᠵᠤᠷᠭᠠᠨ ᠲᠣᠪᠴᠢᠶ᠎ᠠ | ᠵᠢᠭᠠᠬᠤ ᠮᠠᠲ᠋ᠧᠷᠢᠶᠠᠯ ᠤᠨ ᠠᠵᠢᠯ ᠤᠨ ᠶᠡᠷᠦᠩᠬᠡᠶ ᠲᠣᠬᠢᠷᠠᠭᠤᠯᠤᠯᠲᠠ ᠶᠢ ᠦᠨᠳᠦᠰᠦᠯᠡᠨ᠂ ᠬᠠᠷᠠᠭᠠᠯᠵᠠᠭᠰᠠᠨ | ᠰᠤᠷᠤᠯᠭ᠎ᠠ ᠶᠢᠨ ᠱᠠᠲᠤ᠂ ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠤᠨ ᠵᠢᠭᠠᠬᠤ ᠮᠠᠲ᠋ᠧᠷᠢᠶᠠᠯ ᠤᠨ ᠪᠥᠲᠥᠭᠡᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠵᠢᠭᠠᠬᠤ | ᠮᠠᠲ᠋ᠧᠷᠢᠶᠠᠯ ᠤᠨ ᠲᠣᠪᠴᠢᠶ᠎ᠠ ᠲᠠᠢ ᠠᠵᠢᠯ ᠤᠨ ᠬᠠᠮᠳᠤᠷᠠᠯ ᠤᠨ ᠬᠦᠴᠦᠨ ᠢ ᠪᠦᠷᠢᠯᠳᠦᠬᠦᠯᠪᠡ᠃ ᠡᠯ᠎ᠡ ᠭᠠᠵᠠᠷ ᠤᠨ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠵᠢᠭᠠᠬᠤ ᠮᠠᠲ᠋ᠧᠷᠢᠶᠠᠯ ᠤᠨ ᠠᠵᠢᠯ ᠤᠨ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠵᠢᠭᠠᠬᠤ ᠮᠠᠲ᠋ᠧᠷᠢᠶᠠᠯ ᠤᠨ ᠪᠦᠳᠦᠭᠡᠨ ᠪᠠᠶᠢᠭᠤᠯᠤᠯᠲᠠ | ᠪᠣᠯᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠵᠠᠢ᠃ ᠣᠳᠣᠬᠠᠨ ᠳᠤ | ᠨᠢᠭᠡᠨᠲᠡ ᠬᠠᠭᠠᠰ ᠰᠢᠬᠠᠮ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤᠰᠬᠠᠶ ᠵᠢᠭᠠᠬᠤ | ᠮᠠᠲ᠋ᠧᠷᠢᠶᠠᠯ ᠤᠨ ᠠᠵᠢᠯ ᠤᠨ ᠪᠠᠶᠢᠭᠤᠯᠤᠮᠵᠢ ᠪᠠᠶᠢᠭᠤᠯᠤᠬᠰᠠᠨ︾ ᠪᠠᠶᠢᠨ᠎ᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠰᠤᠷᠭᠠᠨ ᠬᠥᠮᠦᠵᠢᠯ ᠤᠨ ᠶᠠᠮᠤᠨ | ᠵᠢᠭᠠᠬᠤ ᠮᠠᠲ᠋ᠧᠷᠢᠶᠠᠯ ᠢ ︽ᠨᠠᠶᠢᠷᠠᠭᠤᠯᠬᠤ ᠳᠤ ᠡᠷᠬᠡᠪᠰᠢ ᠬᠢᠨᠠᠬᠤ︾᠂ ︽ᠰᠣᠩᠭᠤᠬᠤ ᠳᠤ ᠡᠷᠬᠡᠪᠰᠢ ᠬᠢᠨᠠᠬᠤ︾ ᠶᠢ | ᠪᠠᠷᠢᠮᠲᠠᠯᠠᠵᠤ᠂ ᠪᠦᠬᠦ ᠶᠠᠪᠤᠴᠠ ᠶᠢ ᠬᠢᠨᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠲᠦᠷᠦᠴᠢ | ᠴᠢᠨᠠᠷ᠂ ᠦᠵᠡᠯ ᠰᠠᠨᠠᠭᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠪᠦᠬᠦ ᠲᠠᠯ᠎ᠠ ᠪᠠᠷ ᠴᠢᠩᠭᠠᠳᠬᠠᠵᠤ᠂ ᠵᠢᠭᠠᠬᠤ | ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠪᠣᠭᠤᠮᠲᠠ ᠪᠠ ᠬᠢᠨᠠᠨ ᠬᠠᠷᠭᠤᠭᠤᠯᠬᠤ ᠪᠣᠭᠤᠮᠲᠠ᠂ ᠰᠣᠩᠭᠤᠨ ᠬᠡᠷᠡᠭᠯᠡᠬᠦ | ᠪᠣᠭᠤᠮᠲᠠ ᠶᠢ ᠰᠠᠶᠢᠲᠤᠷ ᠰᠠᠬᠢᠵᠤ᠂ ︽ᠵᠢᠭᠠᠬᠤ ᠮᠠᠲ᠋ᠧᠷᠢᠶᠠᠯ ᠢ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ | ᠣᠷᠣᠭᠤᠯᠬᠤ᠂ ᠰᠤᠷᠤᠭᠴᠢᠳ ᠤᠨ ᠪᠢᠴᠢᠭ ᠤᠨ ᠪᠣᠭᠴᠣᠨ ᠳᠤ ᠤᠷᠤᠭᠤᠯᠬᠤ ᠠᠮᠤᠷ ᠲᠦᠪᠰᠢᠨ ᠤ ᠨᠡᠭᠡᠯᠡᠬᠡᠶ ᠶᠢ | ᠴᠢᠩᠭᠠᠯᠠᠪᠠ︾᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠵᠢᠭᠠᠬᠤ ᠮᠠᠲ᠋ᠧᠷᠢᠶᠠᠯ ᠤᠨ ᠪᠥᠲᠥᠭᠡᠨ | ᠪᠠᠶᠢᠭᠤᠯᠤᠯᠲᠠ ᠶᠢᠨ ᠵᠠᠷᠤᠳᠠᠯ ᠤᠨ ᠣᠷᠣᠭᠤᠯᠤᠯᠲᠠ ᠶᠢ ᠶᠡᠭᠡ ᠪᠠᠷ ᠨᠡᠮᠡᠭᠳᠡᠬᠦᠯᠪᠡ᠃ ᠤᠯᠤᠰ᠂ ᠣᠷᠣᠨ ᠨᠤᠲᠤᠭ᠂ | ᠰᠤᠷᠭᠠᠭᠤᠯᠢ᠂ ᠬᠡᠪᠯᠡᠯ ᠤᠨ ᠨᠢᠭᠡᠴᠡ ᠵᠡᠷᠭᠡ ᠤᠯᠠᠨ ᠲᠠᠯ᠎ᠠ ᠠᠴᠠ ᠣᠷᠣᠭᠤᠯᠬᠤ ᠵᠢᠭᠠᠬᠤ ᠮᠠᠲ᠋ᠧᠷᠢᠶᠠᠯ ᠤᠨ ᠪᠦᠳᠦᠭᠡᠨ | ᠪᠠᠶᠢᠭᠤᠯᠤᠯᠲᠠ ᠶᠢᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠠᠢ᠃ ᠵᠢᠭᠠᠬᠤ ᠮᠠᠲ᠋ᠧᠷᠢᠶᠠᠯ ᠤᠨ | ᠡᠩᠨᠡᠭᠡᠨ ᠤ ᠪᠠᠶᠢᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠬᠦᠯᠪᠡ᠃ | ᠬᠥᠮᠦᠵᠢᠭᠦᠯᠬᠦ ᠪᠠ ᠪᠣᠯᠪᠠᠰᠤᠷᠠᠭᠤᠯᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠵᠢᠭᠠᠬᠤ ᠮᠠᠲ᠋ᠧᠷᠢᠶᠠᠯ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠠᠢ᠃ ᠴᠢᠬᠤᠯᠠ ᠶᠡᠭᠡ ᠰᠤᠳᠤᠯᠭᠠᠨ ᠤ ᠲᠥᠷᠥᠯ ᠵᠦᠢᠯ᠂ | ᠭᠤᠤᠯᠳᠠᠯᠭ᠎ᠠ ᠲᠠᠢ ᠰᠤᠳᠤᠯᠭᠠᠨ ᠤ ᠰᠠᠭᠤᠷᠢᠨ ᠭᠠᠵᠠᠷ᠂ ᠥᠨᠳᠥᠷ ᠬᠢᠷᠢ ᠲᠦᠪᠰᠢᠨ ᠪᠥᠬᠦᠶ ᠰᠢᠨᠵᠢᠯᠡᠭᠡᠨ ᠤ | ᠰᠠᠯᠠᠭ᠎ᠠ ᠶᠢᠨ ᠲᠤᠰᠬᠠᠶ ᠮᠡᠷᠭᠡᠵᠢᠯ ᠵᠡᠷᠭᠡ ᠳᠤ ᠲᠦᠰᠢᠭᠯᠡᠨ᠂ ᠥᠨᠳᠥᠷ ᠬᠢᠷᠢ ᠲᠦᠪᠰᠢᠨ ᠪᠥᠬᠦᠶ ᠵᠢᠭᠠᠬᠤ | ᠮᠠᠲ᠋ᠧᠷᠢᠶᠠᠯ ᠢ ᠨᠠᠶᠢᠷᠠᠭᠤᠯᠤᠨ ᠵᠣᠬᠢᠶᠠᠵᠤ ᠬᠢᠨᠠᠨ ᠰᠤᠳᠤᠯᠬᠤ ᠪᠦᠯᠬᠦᠮ ᠪᠠ ᠭᠤᠤᠯᠯᠠᠭᠴᠢ ᠬᠦᠴᠦᠨ ᠢ ᠬᠥᠮᠦᠵᠢᠭᠦᠯᠦᠨ | ᠪᠣᠶ ᠪᠣᠯᠭᠠᠪᠠ᠃ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠲᠤᠯᠭᠠᠭᠤᠷᠢᠯᠠᠯ ᠢ | ᠦᠷᠭᠦᠯᠵᠢᠯᠡᠨ ᠴᠢᠩᠭᠠᠷᠠᠭᠤᠯᠪᠠ᠃ ᠬᠢᠴᠢᠶᠡᠯ ᠲᠥᠷᠥᠯ ᠬᠤᠪᠢᠶᠠᠭᠰᠠᠨ ᠲᠤᠰᠬᠠᠶ ᠮᠡᠷᠭᠡᠵᠢᠯ ᠳᠤ ᠬᠢᠴᠢᠶᠡᠯ ᠤᠨ | ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠬᠢᠨᠠᠬᠤ ᠤᠯᠤᠰ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ | ᠨᠢᠭᠡᠨᠲᠡ ᠬᠥᠮᠥᠷᠭᠡ ᠳᠤ ᠣᠷᠣᠭᠤᠯᠤᠨ ᠨᠠᠶᠢᠷᠠᠭᠤᠯᠤᠨ ᠪᠢᠴᠢᠬᠦ ᠲᠤᠰᠬᠠᠶ ᠮᠡᠷᠭᠡᠵᠢᠯᠲᠡᠨ 5000 ᠭᠠᠷᠤᠶ ᠬᠦᠮᠦᠨ᠂ | ᠬᠢᠨᠠᠨ ᠬᠠᠷᠭᠤᠭᠤᠯᠬᠤ ᠲᠤᠰᠬᠠᠶ ᠮᠡᠷᠭᠡᠵᠢᠯᠲᠡᠨ 3000 ᠭᠠᠷᠤᠶ ᠬᠦᠮᠦᠨ ᠪᠠᠶᠢᠵᠤ᠂ ᠤᠯᠤᠰ ᠤᠨ ᠭᠤᠤᠯᠳᠠᠯᠭ᠎ᠠ ᠲᠠᠢ | ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠳᠤ ᠴᠢᠳᠠᠪᠤᠷᠢᠲᠠᠨ ᠤ ᠲᠣᠭᠲᠠᠭᠤᠨ ᠲᠤᠯᠭᠠᠭᠤᠷᠢᠯᠠᠯ ᠢ ᠬᠠᠩᠭᠠᠪᠠ᠃ | ᠲᠢᠶᠠᠨ ᠬᠤᠶ ᠱᠧᠩ ᠬᠡᠯᠡᠬᠦ ᠳᠡᠭᠡᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ | ᠵᠢᠭᠠᠬᠤ ᠮᠠᠲ᠋ᠧᠷᠢᠶᠠᠯ ᠤᠨ ᠪᠥᠲᠥᠭᠡᠨ ᠪᠠᠶᠢᠭᠤᠯᠤᠯᠲᠠ ᠶᠢᠨ ᠬᠥᠮᠦᠨ ᠤ ᠬᠦᠴᠦ ᠡᠳ᠋ ᠪᠣᠳᠠᠰ ᠵᠡᠷᠭᠡ ᠲᠠᠯ᠎ᠠ ᠶᠢᠨ | ᠪᠠᠲᠤᠯᠠᠭ᠎ᠠ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠵᠢᠭᠠᠬᠤ ᠮᠠᠲ᠋ᠧᠷᠢᠶᠠᠯ ᠤᠨ ᠪᠥᠲᠥᠭᠡᠨ | ᠪᠠᠶᠢᠭᠤᠯᠤᠯᠲᠠ ᠶᠢᠨ ᠵᠠᠷᠤᠳᠠᠯ ᠬᠦᠷᠦᠯᠴᠡᠬᠦ ᠥᠬᠡᠶ᠂ ᠴᠢᠳᠠᠪᠤᠷᠢᠲᠠᠨ ᠲᠤᠳᠠᠬᠳᠠᠬᠤ᠂ ᠰᠠᠭᠤᠷᠢ ᠪᠠᠭᠤᠷᠠᠶ ᠪᠠᠶᠢᠬᠤ | ᠪᠠᠶᠢᠳᠠᠯ ᠢ ᠪᠦᠲᠦᠮᠵᠢᠲᠡᠶ ᠪᠠᠷ ᠬᠤᠪᠢᠷᠠᠭᠤᠯᠪᠠ ᠬᠡᠵᠡᠢ᠃ | ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠬᠡᠷᠡᠭᠯᠡᠵᠦ ᠪᠠᠶᠢᠭ᠎ᠠ ᠪᠥᠬᠦ ᠤᠯᠤᠰ ᠤᠨ | ᠡᠯ᠎ᠡ ᠱᠠᠲᠤᠨ ᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠨᠢᠭᠡᠨᠲᠡ 19 ᠲᠦᠮᠡ | ᠰᠢᠬᠠᠮ ᠲᠥᠷᠥᠯ ᠪᠠᠶᠢᠨ᠎ᠠ᠂ ᠡᠭᠦᠨ ᠳᠤ ᠰᠠᠭᠤᠷᠢ ᠰᠤᠷᠭᠠᠨ ᠬᠥᠮᠦᠵᠢᠯ ᠤᠨ ᠲᠥᠷᠥᠯ ᠤᠨ ᠵᠢᠭᠠᠬᠤ ᠮᠠᠲ᠋ᠧᠷᠢᠶᠠᠯ 1 | ᠲᠦᠮᠡ ᠰᠢᠬᠠᠮ ᠲᠥᠷᠥᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠲᠥᠷᠥᠯ ᠤᠨ ᠵᠢᠭᠠᠬᠤ ᠮᠠᠲ᠋ᠧᠷᠢᠶᠠᠯ 8 ᠲᠦᠮᠡ ᠰᠢᠬᠠᠮ ᠲᠥᠷᠥᠯ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠲᠥᠷᠥᠯ ᠤᠨ ᠵᠢᠭᠠᠬᠤ ᠮᠠᠲ᠋ᠧᠷᠢᠶᠠᠯ 10 ᠲᠦᠮᠡ ᠰᠢᠬᠠᠮ ᠲᠥᠷᠥᠯ ᠪᠠᠶᠢᠬᠤ ᠪᠦᠭᠡᠳ ︽ᠰᠢᠨ᠎ᠡ | ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠦᠨᠳᠦᠰᠦᠨ ᠳᠡᠭᠡᠨ ᠪᠦᠷᠢᠯᠳᠦᠭᠰᠡᠨ︾ ᠪᠠᠶᠢᠨ᠎ᠠ᠃ | http://mongol.people.com.cn/15833741.html |