ᠠᠰᠫᠢᠷᠠᠨᠲ ᠰᠢᠯᠭᠠᠭᠤᠯᠬᠤ᠄ ᠠᠶᠤᠯ ᠲᠦᠭᠰᠢᠭᠦᠷᠢ ᠪᠠᠭᠠᠳᠠᠢ ᠪᠤᠰᠤ ᠭᠠᠵᠠᠷ ᠣᠷᠣᠨ ᠤ ᠰᠢᠯᠭᠠᠭᠤᠯᠤᠭᠰᠠᠳ ᠡᠷᠬᠡᠪᠰᠢ ᠪᠦᠭᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠶ
ᠨᠡᠶᠢᠲᠡᠯᠡᠭᠰᠡᠨ ᠴᠠᠭ᠄
2020/12/25
       ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 24 ᠤ ᠡᠳᠦᠷ ᠤᠨ ᠮᠡᠳᠡᠭᠡ 2021 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ 26 ᠤ ᠡᠳᠦᠷ ᠡᠬᠢᠯᠡᠨ᠎ᠡ᠃ ᠰᠤᠷᠪᠤᠯᠵᠢᠯᠠᠭᠴᠢ 24 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠳᠠᠬᠢᠨᠲᠠ ᠸᠢᠳᠢᠣ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠡᠯ᠎ᠡ ᠮᠤᠵᠢ ︵ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠬᠢᠨ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠨᠢᠭᠲᠠ ᠴᠢᠩᠭ᠎ᠠ ᠠᠷᠭ᠎ᠠ ᠬᠡᠮᠵᠢᠶ᠎ᠡ ᠪᠠᠷ ᠠᠰᠫᠢᠷᠠᠨᠲ ᠰᠢᠯᠭᠠᠭᠤᠯᠬᠤ ᠰᠢᠯᠭᠠᠯᠳᠠ ᠶᠢᠨ ᠬᠤᠭᠤᠴᠠᠭᠠᠨ ᠤ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ᠃       ᠰᠤᠷᠭᠠᠨ ᠬᠥᠮᠦᠵᠢᠯ ᠤᠨ ᠶᠠᠮᠤᠨ ᠠᠴᠠ᠂ ᠬᠥᠮᠦᠰ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠰᠢᠯᠭᠠᠭᠤᠯᠤᠭᠰᠠᠳ ᠰᠢᠯᠭᠠᠯᠲᠠ ᠶᠢᠨ ᠲᠠᠯᠠᠪᠠᠶ ᠳᠤ ᠣᠷᠣᠬᠤ ᠠᠴᠠ ᠡᠮᠦᠨ᠎ᠡ ᠡᠷᠬᠡᠪᠰᠢ ᠠᠮᠠᠪᠴᠢ ᠵᠡᠭᠦᠬᠦ ᠶᠢ ᠴᠢᠩᠭ᠎ᠠ ᠰᠠᠬᠢᠬᠤ ᠬᠡᠷᠡᠭᠲᠡᠶ᠂ ᠰᠢᠯᠭᠠᠯᠲᠠ ᠶᠢᠨ ᠲᠠᠯᠠᠪᠠᠶ ᠳᠤ ᠣᠷᠣᠵᠤ ᠰᠠᠭᠤᠭᠰᠠᠨ ᠤ ᠳᠠᠷᠠᠭ᠎ᠠ ᠠᠮᠠᠪᠴᠢ ᠶᠢ ᠦᠷᠭᠦᠯᠵᠢᠯᠡᠨ ᠵᠡᠭᠦᠬᠦ ᠡᠰᠡᠬᠦ ᠪᠠᠨ ᠥᠪᠡᠰᠦᠪᠡᠨ ᠲᠣᠭᠲᠠᠭᠠᠵᠤ ᠪᠣᠯᠤᠨ᠎ᠠ᠂ ᠰᠢᠯᠭᠠᠯᠲᠠ ᠳᠠᠭᠤᠰᠤᠭᠰᠠᠨ ᠤ ᠳᠠᠷᠠᠭ᠎ᠠ ᠲᠠᠯᠠᠪᠤᠷ ᠠᠴᠠ ᠰᠠᠯᠬᠤ ᠦᠶ᠎ᠡ ᠳᠤ ᠡᠷᠬᠡᠪᠰᠢ ᠠᠮᠠᠪᠴᠢ ᠵᠡᠭᠦᠵᠦ᠂ ᠰᠢᠯᠭᠠᠭᠤᠯᠤᠭᠰᠠᠳ ᠤᠨ ᠪᠥᠬᠦ ᠶᠠᠪᠤᠴᠠ ᠳᠤ ᠠᠮᠠᠪᠴᠢ ᠵᠡᠭᠦᠬᠦ ᠶᠢ ᠵᠣᠷᠢᠭᠵᠢᠭᠤᠯᠬᠤ ᠬᠡᠷᠡᠭᠲᠡᠶ᠃ ᠠᠶᠤᠯ ᠲᠦᠭᠰᠢᠭᠦᠷᠢ ᠪᠠᠭᠠᠳᠠᠢ ᠪᠤᠰᠤ ᠭᠠᠵᠠᠷ ᠣᠷᠣᠨ ᠳᠤ᠂ ᠲᠤᠰᠠᠭᠠᠷᠯᠠᠬᠤ ᠪᠡᠯᠡᠳᠬᠡᠯ ᠰᠢᠯᠭᠠᠯᠲᠠ ᠶᠢᠨ ᠲᠠᠯᠠᠪᠠᠢ ᠶᠢᠨ ᠰᠢᠯᠭᠠᠭᠤᠯᠤᠬᠰᠠᠳ ᠠᠮᠠᠪᠴᠢ ᠵᠡᠭᠦᠬᠦ ᠬᠡᠷᠡᠭᠲᠡᠶ᠃ ᠰᠢᠯᠭᠠᠭᠤᠯᠤᠭᠴᠢ᠂ ᠰᠢᠯᠭᠠᠯᠲᠠ ᠶᠢᠨ ᠠᠵᠢᠯᠲᠠᠨ ᠰᠢᠯᠭᠠᠯᠲᠠ ᠶᠢᠨ ᠲᠠᠯᠠᠪᠠᠢ ᠳᠤ ᠣᠷᠣᠬᠤ ᠪᠣᠯᠭᠠᠨ ᠡᠷᠬᠡᠪᠰᠢ ᠲᠦᠷᠭᠡᠨ ᠬᠠᠳᠠᠬᠤ ᠭᠠᠷ ᠠᠷᠢᠭᠤᠳᠬᠠᠬᠤ ᠡᠳ᠋ ᠢᠶᠠᠷ ᠭᠠᠷ ᠢᠶᠠᠨ ᠠᠷᠢᠭᠤᠳᠬᠠᠬᠤ ᠪᠤᠶᠤ ᠭᠠᠷ ᠢᠶᠠᠨ ᠤᠬᠢᠶᠠᠬᠤ ᠬᠡᠷᠡᠭᠲᠡᠶ᠃ ᠰᠢᠯᠭᠠᠯᠲᠠ ᠶᠢᠨ ᠲᠠᠯᠠᠪᠠᠢ᠂ ᠰᠢᠯᠭᠠᠯᠲᠠ ᠶᠢᠨ ᠴᠡᠭ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠠᠷᠢᠭᠤᠳᠬᠠᠬᠤ ᠶᠢ ᠦᠨᠡᠨ ᠬᠦ ᠴᠢᠩᠭᠠᠳᠬᠠᠵᠤ᠂ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠲᠤᠰᠠᠭᠠᠷᠯᠠᠭᠰᠠᠨ ᠰᠢᠯᠭᠠᠯᠲᠠ ᠶᠢᠨ ᠲᠠᠯᠠᠪᠠᠢ᠂ ᠪᠡᠯᠡᠳᠬᠡᠯ ᠰᠢᠯᠭᠠᠯᠲᠠ ᠶᠢᠨ ᠲᠠᠯᠠᠪᠠᠢ ︵ᠰᠢᠯᠭᠠᠯᠲᠠ ᠶᠢᠨ ᠲᠠᠯᠠᠪᠠᠢ︶ ᠳᠤ ᠰᠢᠯᠭᠠᠯᠳᠠ ᠳᠤ ᠤᠷᠤᠯᠴᠠᠬᠰᠠᠨ ᠰᠢᠯᠭᠠᠭᠤᠯᠤᠭᠰᠠᠳ ᠤᠨ ᠬᠠᠷᠢᠭᠤᠯᠲᠠ ᠶᠢᠨ ᠬᠠᠭᠤᠳᠠᠰᠤ ᠶᠢ ᠠᠷᠢᠭᠤᠳᠬᠠᠬᠰᠠᠨ ᠤ ᠳᠠᠷᠠᠭ᠎ᠠ ᠳᠠᠬᠢᠨ ᠬᠤᠷᠢᠶᠠᠨ ᠠᠪᠬᠤ ᠬᠡᠷᠡᠭᠲᠡᠶ᠃ ᠰᠢᠯᠭᠠᠭᠤᠯᠤᠭᠰᠠᠳ ᠢ ᠬᠥᠲᠥᠯᠥᠨ ᠵᠢᠯᠣᠭᠤᠳᠬᠤ ᠶᠢ ᠦᠨᠡᠨ ᠬᠦ ᠴᠢᠩᠭᠠᠳᠬᠠᠵᠤ᠂ ᠰᠢᠯᠭᠠᠭᠤᠯᠤᠭᠰᠠᠳ ᠤᠨ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠰᠢᠯᠭᠠᠯᠲᠠ ᠶᠢᠨ ᠴᠡᠭ᠂ ᠰᠢᠯᠭᠠᠯᠲᠠ ᠶᠢᠨ ᠲᠠᠯᠠᠪᠠᠶ ᠳᠤ ᠤᠷᠤᠵᠤ ᠭᠠᠷᠬᠤ ᠶᠢ ᠵᠣᠬᠢᠶᠠᠨ ᠪᠠᠶᠢᠭᠤᠯᠵᠤ᠂ ᠵᠦᠢ ᠵᠣᠬᠢᠰᠲᠠᠶ ᠵᠠᠶ ᠶᠢ ᠪᠠᠲᠤᠯᠠᠵᠤ᠂ ᠰᠢᠬᠠᠯᠳᠤᠬᠤ ᠥᠬᠡᠶ᠂ ᠴᠤᠭᠯᠠᠷᠠᠬᠤ ᠥᠬᠡᠶ ᠪᠠᠶᠢᠬᠤ ᠬᠡᠷᠡᠭᠲᠡᠶ ᠭᠡᠵᠦ ᠱᠠᠭᠠᠷᠳᠠᠪᠠ᠃       ᠰᠤᠷᠭᠠᠨ ᠬᠥᠮᠦᠵᠢᠯ ᠤᠨ ᠶᠠᠮᠤᠨ ᠠᠴᠠ᠂ ᠴᠢᠬᠤᠯᠠ ᠪᠥᠬᠦᠶ ᠪᠡᠯᠡᠳᠬᠡᠯ ᠰᠢᠯᠭᠠᠯᠲᠠ ᠶᠢᠨ ᠴᠡᠭ᠂ ᠰᠢᠯᠭᠠᠯᠲᠠ ᠶᠢᠨ ᠲᠠᠯᠠᠪᠠᠶ ᠶᠢ ᠨᠢᠭᠡᠳᠦᠯᠲᠡᠶ ᠲᠦᠯᠦᠪᠵᠢᠭᠦᠯᠦᠨ ᠨᠡᠮᠡᠵᠦ ᠲᠣᠬᠢᠷᠠᠭᠤᠯᠤᠨ᠂ ᠪᠡᠯᠡᠳᠬᠡᠯ ᠰᠢᠯᠭᠠᠯᠲᠠ ᠶᠢᠨ ᠴᠡᠭ᠂ ᠰᠢᠯᠭᠠᠯᠲᠠ ᠶᠢᠨ ᠲᠠᠯᠠᠪᠠᠢ ᠶᠢᠨ ᠠᠵᠢᠯᠲᠠᠨ ᠢ ᠰᠣᠩᠭᠤᠨ ᠤᠷᠢᠬᠤ᠂ ᠪᠣᠯᠪᠠᠰᠤᠷᠠᠭᠤᠯᠬᠤ ᠪᠠ ᠬᠠᠮᠢᠶᠠᠷᠬᠤ ᠠᠵᠢᠯ ᠢ ᠲᠣᠭᠲᠠᠭᠠᠯ ᠶᠣᠰᠣᠭᠠᠷ ᠴᠢᠩᠭ᠎ᠠ ᠰᠠᠶᠢᠲᠤᠷ ᠬᠢᠬᠦ ᠶᠢᠨ ᠬᠠᠮᠲᠤ ᠰᠢᠯᠭᠠᠯᠲᠠ ᠶᠢᠨ ᠬᠠᠭᠤᠳᠠᠰᠤ ᠶᠢ ᠰᠢᠯᠵᠢᠭᠦᠯᠦᠨ ᠳᠣᠭᠢᠷᠠᠭᠤᠯᠬᠤ ᠪᠠ ᠠᠮᠤᠷ ᠲᠦᠪᠰᠢᠨ ᠢ ᠬᠠᠮᠠᠭᠠᠯᠠᠬᠤ ᠨᠢᠭᠤᠴᠠ ᠶᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠠᠮᠠᠪᠴᠢ᠂ ᠭᠠᠷ ᠠᠷᠢᠭᠤᠳᠬᠠᠬᠤ ᠡᠳ᠋ ᠵᠡᠷᠭᠡ ᠬᠢᠵᠢᠭ ᠢ ᠰᠡᠷᠭᠡᠶᠢᠯᠡᠬᠦ ᠬᠡᠷᠡᠭᠰᠡᠯ ᠢ ᠭᠦᠢᠴᠡᠳ ᠪᠡᠯᠡᠳᠬᠡᠬᠦ ᠬᠡᠷᠡᠭᠲᠡᠢ᠃ ᠬᠡᠷᠪᠡ ᠪᠡᠯᠡᠳᠬᠡᠯ ᠰᠢᠯᠭᠠᠯᠲᠠ ᠶᠢᠨ ᠭᠠᠵᠠᠷ᠂ ᠰᠢᠯᠭᠠᠯᠲᠠ ᠶᠢᠨ ᠲᠠᠯᠠᠪᠠᠢ ᠶᠢ ᠡᠬᠢᠯᠡᠵᠦ ᠬᠡᠷᠡᠭᠯᠡᠬᠦ ᠳᠤ ᠭᠦᠷᠪᠡᠯ᠂ ᠰᠢᠯᠭᠠᠬᠤ ᠭᠠᠵᠠᠷ᠂ ᠰᠢᠯᠭᠠᠭᠤᠯᠬᠤ ᠵᠠᠮ ᠱᠤᠭᠤᠮ ᠵᠡᠷᠭᠡ ᠮᠡᠳᠡᠭᠡ ᠵᠠᠩᠭᠢ ᠶᠢ ᠰᠢᠯᠭᠠᠭᠤᠯᠤᠭᠰᠠᠳ ᠲᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ ᠭᠡᠵᠦ ᠲᠤᠷᠠᠳᠪᠠ᠃       ᠰᠤᠷᠭᠠᠨ ᠬᠥᠮᠦᠵᠢᠯ ᠤᠨ ᠶᠠᠮᠤᠨ ᠠᠴᠠ ᠥᠷᠭᠡᠨ ᠣᠯᠠᠨ ᠰᠢᠯᠭᠠᠭᠤᠯᠤᠭᠴᠢ ᠳᠤ᠂ ᠰᠢᠯᠭᠠᠯᠲᠠ ᠠᠴᠠ ᠡᠮᠦᠨ᠎ᠡ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠭᠠᠳᠠᠭᠰᠢ ᠭᠠᠷᠬᠤ ᠪᠠ ᠴᠤᠭᠯᠠᠭᠠᠨ ᠬᠢᠬᠦ ᠴᠢᠬᠤᠯᠠ ᠥᠬᠡᠶ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ︔ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠯᠲᠠ ᠶᠢᠨ ᠴᠡᠭ ᠤᠨ ᠲᠣᠬᠢᠷᠠᠭᠤᠯᠤᠯᠲᠠ ᠶᠢ ᠳᠠᠭᠠᠵᠤ᠂ ᠰᠢᠯᠭᠠᠯᠲᠠ ᠶᠢᠨ ᠴᠡᠭ ᠲᠠᠢ ᠢᠳᠡᠪᠬᠢᠲᠡᠶ ᠬᠠᠮᠵᠢᠯᠴᠠᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠰᠠᠶᠢᠲᠤᠷ ᠬᠢᠵᠦ᠂ ᠰᠢᠯᠭᠠᠯᠲᠠ ᠶᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠲᠤ ᠪᠠᠷ ᠠᠮᠤᠷ ᠲᠦᠪᠰᠢᠨ ᠰᠢᠯᠭᠠᠯᠲᠠ ᠶᠢᠨ ᠣᠷᠴᠢᠨ ᠲᠣᠭᠤᠷᠢᠨ ᠪᠠ ᠰᠠᠶᠢᠨ ᠰᠠᠶᠢᠬᠠᠨ ᠰᠢᠯᠭᠠᠯᠲᠠ ᠶᠢᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ ᠭᠡᠵᠦ ᠤᠠᠴᠠᠭᠠᠢᠢᠯᠠᠨ ᠰᠠᠨᠠᠭᠤᠯᠪᠠ᠃http://mongol.people.com.cn/15833746.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号