ᠥᠪᠥᠷ ᠮᠣᠩᠭᠤᠯ ᠤᠨ ᠡᠳᠦᠷ ᠤᠨ ᠰᠣᠨᠢᠨ ᠤ 12 ᠰᠠᠷ᠎ᠠ ᠶᠢᠨ 24 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠬᠠᠨ ᠰᠢᠦᠧᠠᠢ ᠷᠤ᠋ ᠳᠠᠳᠤᠯᠭ᠎ᠠ ᠶᠢᠨ ᠰᠣᠷᠣᠭᠴᠢ ᠴᠠᠩ ᠨᠧᠩ ᠵᠢᠶᠠ︶ ᠰᠤᠷᠪᠤᠯᠵᠢᠯᠠᠭᠴᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤᠰᠤᠨ ᠭᠠᠷᠤᠯᠳᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ | ᠬᠡᠮᠵᠢᠯᠲᠡ ᠳᠤ ᠬᠢᠷᠢ ᠲᠡᠩᠴᠡᠭᠰᠡᠨ ᠨᠣᠷᠮ᠎ᠠ 98.7% ᠳᠤ ᠬᠥᠷᠪᠡ᠃ ᠡᠭᠦᠨ ᠳᠤ ᠲᠠᠷᠢᠮᠠᠯ ᠤᠨ ᠪᠦᠲᠦᠭᠡᠭᠳᠡᠬᠦᠨ᠂ | ᠮᠠᠯ ᠵᠢᠭᠦᠷᠲᠡᠨ ᠤ ᠪᠦᠲᠦᠭᠡᠭᠳᠡᠬᠦᠨ᠂ ᠤᠰᠤᠨ ᠭᠠᠷᠤᠯᠲᠠ ᠶᠢᠨ ᠬᠢᠷᠢ ᠲᠡᠩᠴᠡᠭᠰᠡᠨ ᠨᠣᠷᠮ᠎ᠠ ᠨᠢ ᠲᠣᠰ ᠲᠣᠰ 97. | 7%᠂ 99.8% ᠪᠠ 100% ᠪᠤᠯᠵᠤ᠂ ᠠᠮᠤᠷ ᠲᠦᠪᠰᠢᠨ ᠤ ᠪᠠᠶᠢᠳᠠᠯ ᠨᠢ ᠦᠷᠭᠦᠯᠵᠢᠯᠡᠨ ᠲᠣᠭᠲᠠᠭᠤᠨ | ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠤᠷᠰᠢᠯᠲᠤ ᠬᠢᠨᠠᠨ ᠬᠡᠮᠵᠢᠯᠲᠡ ᠶᠢ | ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠵᠢᠯ ᠳᠤ ᠨᠡᠶᠢᠲᠡ 12 ᠠᠶᠢᠮᠠᠭ ᠬᠤᠲᠠ᠂ 2 | ᠲᠤᠰᠬᠠᠢ ᠲᠦᠯᠦᠪᠯᠡᠭᠡᠲᠦ ᠬᠤᠲᠠ ᠶᠢᠨ 95 ᠬᠤᠰᠢᠭᠤ ᠰᠢᠶᠠᠨ ︵ᠬᠤᠲᠠ᠂ ᠲᠣᠭᠤᠷᠢᠭ︶ ᠢ ᠬᠢᠨᠠᠨ ᠬᠡᠮᠵᠢᠵᠦ᠂ | 435 ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ᠂ ᠲᠤᠰᠬᠠᠶ ᠬᠤᠷᠰᠢᠶᠠᠵᠢᠯ᠂ ᠲᠡᠵᠢᠭᠡᠨ ᠦᠷᠡᠵᠢᠭᠦᠯᠬᠦ ᠲᠠᠯᠠᠪᠠᠶ᠂ | ᠨᠢᠲᠤᠯᠬᠤ ᠲᠠᠯᠠᠪᠠᠶ ᠪᠠ 1852 ᠲᠠᠷᠢᠮᠠᠯ᠂ ᠲᠡᠵᠢᠭᠡᠨ ᠦᠷᠡᠵᠢᠭᠦᠯᠬᠦ ᠮᠠᠯᠵᠢᠬᠤ ᠲᠠᠷᠢᠶᠠᠯᠠᠬᠤ ᠡᠷᠦᠬᠡ ᠶᠢᠨ | 11078 ᠪᠦᠯᠦᠭ ᠤᠳᠠᠭ᠎ᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤᠰᠤᠨ | ᠭᠠᠷᠤᠯᠳᠠ ᠶᠢᠨ ᠥᠯᠢᠭᠡᠷ ᠡᠳ᠋ ᠢ ᠰᠤᠭᠤᠴᠢᠨ ᠪᠠᠶᠢᠴᠠᠭᠠᠵᠤ᠂ 135 ᠵᠦᠢᠯ ᠤᠨ ᠲᠠᠷᠢᠶᠠᠯᠠᠩ ︵ᠮᠠᠯ︶ ᠤᠨ ᠡᠮ ᠤᠨ | ᠦᠯᠡᠳᠡᠭᠳᠡᠯ ᠬᠡᠮᠵᠢᠶ᠎ᠡ ᠶᠢ ᠬᠢᠨᠠᠨ ᠰᠢᠯᠭᠠᠪᠠ᠃ | ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ | ᠱᠠᠭᠠᠷᠳᠠᠯᠭ᠎ᠠ ᠶᠢ ᠡᠷᠡᠰ ᠲᠦ᠋ᠦᠱᠯᠠᠭᠤᠯᠤᠨ ᠨᠠᠶᠢᠳᠠᠪᠤᠷᠢᠵᠢᠭᠤᠯᠵᠤ᠂ ︽ᠦᠢᠯᠡᠳᠪᠦᠷᠢᠯᠡᠯ︾᠂ ︽ᠬᠠᠮᠢᠶᠠᠷᠤᠯᠲᠠ︾ ᠶᠢ | ᠵᠡᠷᠭᠡ ᠪᠠᠷ ᠠᠳᠬᠤᠬᠤ ᠶᠢ ᠪᠠᠷᠢᠮᠲᠠᠯᠠᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠬᠢᠷᠢ ᠲᠦᠪᠰᠢᠨ ᠢᠶᠠᠨ | ᠲᠠᠰᠤᠷᠠᠯᠲᠠ ᠥᠬᠡᠶ ᠳᠡᠭᠡᠭᠰᠢᠯᠡᠭᠦᠯᠪᠡ᠃ ᠮᠠᠨ ᠤ ᠣᠷᠣᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠭᠤᠷᠮᠠᠭ ᠮᠠᠭᠤ ᠦᠢᠯᠡᠳᠬᠦᠨ ᠳᠤ ᠴᠣᠬᠢᠯᠲᠠ ᠥᠭᠬᠦ ︽ᠬᠠᠪᠤᠷ ᠤᠨ ᠠᠶᠤᠩᠭ᠎ᠠ︾ ᠠᠵᠢᠯᠯᠠᠭ᠎ᠠ ᠪᠠ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ︽ᠬᠤᠷᠴᠠ ᠰᠡᠯᠡᠮ᠎ᠡ︾ | ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠬᠢ ᠡᠭᠦᠰᠦᠯ ᠠᠴᠠ ᠨᠢ ᠵᠠᠰᠠᠬᠤ᠂ ᠪᠠᠶᠢᠴᠠᠭᠠᠨ ᠰᠢᠯᠭᠠᠬᠤ᠂ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠨᠢᠰᠦᠯᠲᠡ ᠶᠢ ᠪᠠᠶᠢᠴᠠᠭᠠᠬᠤ᠂ ᠡᠳᠦᠷ ᠲᠤᠲᠤᠮ ᠤᠨ ᠲᠣᠭᠤᠷᠢᠨ | ᠪᠠᠶᠢᠴᠠᠭᠠᠬᠤ ᠪᠠ ᠳᠣᠭᠢᠷᠠᠭᠤᠯᠤᠨ ᠱᠠᠭᠠᠷᠳᠠᠬᠤ ᠡᠷᠴᠢᠮ ᠢ ᠴᠢᠩᠭᠠᠷᠠᠭᠤᠯᠤᠨ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠳᠠᠯᠳᠠ ᠬᠡᠮ ᠢ ᠬᠦᠴᠦ | ᠲᠠᠯᠪᠢᠨ ᠲᠠᠷᠠᠭᠠᠯᠠᠨ ᠪᠠᠶᠢᠴᠠᠭᠠᠪᠠ᠃ ᠡᠭᠦᠨ ᠤ ᠬᠠᠮᠲᠤ᠂ ᠪᠠᠶᠢᠴᠠᠭᠠᠨ ᠬᠡᠮᠵᠢᠬᠦ ᠮᠡᠷᠭᠡᠵᠢᠯ ᠤᠨ ᠪᠣᠯᠪᠠᠰᠤᠷᠠᠭᠤᠯᠤᠯ᠂ | ᠴᠢᠳᠠᠪᠤᠷᠢ ᠶᠢ ᠰᠢᠯᠭᠠᠨ ᠪᠠᠲᠤᠯᠠᠬᠤ ᠪᠠ ᠵᠥᠪᠳᠡᠯᠴᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠴᠠᠭᠠᠨ | ᠬᠡᠮᠵᠢᠬᠦ ᠪᠠᠶᠢᠭᠤᠯᠤᠮᠵᠢ ᠶᠢᠨ ᠴᠢᠳᠠᠪᠤᠷᠢ ᠪᠣᠯᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠲᠤᠭ᠎ᠠ | ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠬᠤ ᠪᠠ ᠰᠤᠳᠤᠯᠤᠨ ᠮᠠᠭᠠᠳᠯᠠᠬᠤ ᠴᠢᠳᠠᠪᠤᠷᠢ ᠶᠢ ᠳᠡᠭᠡᠭᠰᠢᠯᠡᠭᠦᠯᠪᠠ᠃ | ᠢᠳᠡᠰᠢᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠤᠨ | ᠲᠦᠷᠢᠮ ᠪᠠ ᠳᠠᠷᠢᠵᠤ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠪᠥᠬᠦ ᠶᠠᠪᠤᠴᠠ ᠶᠢᠨ ᠶᠠᠰᠤ ᠴᠢᠨᠠᠷ ᠤᠨ ᠠᠮᠤᠷ | ᠲᠦᠪᠰᠢᠨ ᠢ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠶᠠᠪᠤᠬᠳᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ | ᠮᠠᠨ ᠤ ᠣᠷᠣᠨ ᠤ ᠢᠳᠡᠰᠢᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠢ ᠡᠬᠢ ᠡᠭᠦᠰᠦᠯ ᠠᠴᠠ ᠨᠢ ᠡᠵᠡᠮᠳᠡᠵᠦ ᠳᠡᠶᠢᠯᠬᠦ ᠶᠢ ᠪᠦᠲᠦᠮᠵᠢᠲᠡᠶ ᠪᠠᠲᠤᠯᠠᠪᠠ᠃ | http://mongol.people.com.cn/15833742.html |