ᠰᠤᠷᠭᠠᠨ ᠬᠥᠮᠦᠵᠢᠯ ᠤᠨ ᠶᠠᠮᠤᠨ᠄ ᠪᠥᠬᠦ ᠤᠯᠤᠰ ᠤᠨ ᠡᠯ᠎ᠡ ᠱᠠᠲᠤᠨ ᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠨᠢᠭᠡᠨᠲᠡ 19 ᠲᠦᠮᠡ ᠰᠢᠬᠠᠮ ᠲᠥᠷᠥᠯ ᠪᠤᠯᠵᠤ ᠰᠢᠨ᠎ᠡ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠦᠨᠳᠦᠰᠦᠨ ᠳᠡᠭᠡᠨ ᠪᠦᠷᠢᠯᠳᠦᠪᠡ
ᠨᠡᠶᠢᠲᠡᠯᠡᠭᠰᠡᠨ ᠴᠠᠭ᠄
2020/12/25
       ᠰᠢᠨᠬᠤᠧᠠ ᠰᠦᠯᠵᠢᠶᠡᠨ ᠤ ᠪᠡᠭᠡᠵᠢᠩ ᠤᠨ 12 ᠰᠠᠷ᠎ᠠ ᠶᠢᠨ 24 ᠤ ᠡᠳᠦᠷ ᠤᠨ ᠮᠡᠳᠡᠭᠡ ᠰᠤᠷᠭᠠᠨ ᠬᠥᠮᠦᠵᠢᠯ ᠤᠨ ᠶᠠᠮᠤᠨ ᠥᠨᠥᠳᠦᠷ 2020 ᠣᠨ ᠤ ᠰᠤᠷᠭᠠᠨ ᠬᠥᠮᠦᠵᠢᠯ ᠤᠨ ︽ᠰᠡᠭᠦᠯ ᠬᠤᠷᠢᠶᠠᠬᠤ︾ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂  ︽ᠠᠷᠪᠠᠨ ᠭᠤᠷᠪᠠᠳᠤᠭᠠᠷ ᠲᠠᠪᠤᠨ ᠵᠢᠯ︾  ᠤᠨ ᠬᠤᠭᠤᠴᠠᠭᠠᠨ ᠳᠠᠬᠢ ᠵᠢᠭᠠᠬᠤ ᠮᠠᠲ᠋ᠧᠷᠢᠶᠠᠯ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠣᠪᠴᠢᠶᠠᠨ ᠤ ᠳᠠᠷᠤᠭ᠎ᠠ ᠲᠢᠶᠠᠨ ᠬᠤᠶ ᠱᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ ᠂ ᠰᠤᠷᠭᠠᠨ ᠬᠥᠮᠦᠵᠢᠯ ᠤᠨ ᠶᠠᠮᠤᠨ ᠵᠢᠭᠠᠬᠤ ᠮᠠᠲ᠋ᠧᠷᠢᠶᠠᠯ ᠤᠨ ᠠᠵᠢᠯ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠵᠢᠭᠠᠬᠤ ᠮᠠᠲ᠋ᠧᠷᠢᠶᠠᠯ ᠤᠨ ︽ᠲᠠᠪᠤᠨ ᠶᠡᠭᠡ ᠰᠢᠰᠲ᠋ᠧᠮ︾ ᠤᠨ ᠪᠠᠶᠢᠭᠤᠯᠤᠯᠲᠠ ᠶᠢ ᠴᠢᠬᠤᠯᠠ ᠶᠡᠭᠡ ᠰᠢᠪᠲᠤᠯᠤᠯᠲᠠ ᠲᠠᠢ ᠪᠣᠯᠭᠠᠵᠤ᠂ ᠵᠢᠭᠠᠬᠤ ᠮᠠᠲ᠋ᠧᠷᠢᠶᠠᠯ ᠤᠨ ᠠᠵᠢᠯ ᠤᠨ ᠪᠠᠶᠢᠷᠢᠰᠢᠯ ᠳᠤ ᠲᠡᠤᠬᠡᠲᠦ ᠴᠢᠨᠠᠷᠲᠠᠶ ᠬᠤᠪᠢᠷᠠᠯᠲᠠ ᠭᠠᠷᠭᠠᠪᠠ ᠭᠡᠪᠠ᠃       ᠲᠠᠨᠢᠯᠴᠠᠭᠤᠯᠤᠭᠰᠠᠨ ᠢ ᠦᠨᠳᠦᠰᠦᠯᠡᠪᠡᠯ᠂  ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠰᠢᠨ᠎ᠡ ᠵᠢᠭᠠᠬᠤ ᠮᠠᠲ᠋ᠧᠷᠢᠶᠠᠯ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠰᠢᠰᠲ᠋ᠧᠮ ᠢ ᠠᠩᠬ᠎ᠠ ᠠᠯᠬᠤᠮ ᠲᠣᠭᠲᠠᠭᠠᠪᠠ᠃ ︽ᠰᠤᠷᠭᠠᠨ ᠬᠥᠮᠦᠵᠢᠯ ᠤᠨ ᠶᠠᠮᠤᠨ ᠶᠠᠮᠤᠨ ᠤ ᠳᠣᠲᠣᠭᠠᠳᠤᠬᠢ ᠲᠠᠪᠤᠨ ᠵᠤᠷᠭᠠᠨ ᠲᠣᠪᠴᠢᠶ᠎ᠠ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠵᠦ᠂ ᠵᠢᠭᠠᠬᠤ ᠮᠠᠲ᠋ᠧᠷᠢᠶᠠᠯ ᠤᠨ ᠲᠣᠪᠴᠢᠶ᠎ᠠ ᠶᠢ ᠪᠠᠶᠢᠭᠤᠯᠤᠨ᠂ ᠵᠢᠭᠠᠬᠤ ᠮᠠᠲ᠋ᠧᠷᠢᠶᠠᠯ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠲᠦᠷᠦᠭᠦᠯᠡᠨ ᠬᠠᠷᠢᠭᠤᠴᠠᠭᠤᠯᠵᠤ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠤᠨ ᠠᠯᠪᠠᠨ ᠬᠡᠷ ᠤᠨ ᠠᠵᠢᠯ ᠢ ᠡᠭᠦᠷᠭᠡᠯᠡᠬᠦᠯᠪᠡ᠃ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠥᠬᠦᠶ ᠵᠤᠷᠭᠠᠨ ᠲᠣᠪᠴᠢᠶ᠎ᠠ ᠵᠢᠭᠠᠬᠤ ᠮᠠᠲ᠋ᠧᠷᠢᠶᠠᠯ ᠤᠨ ᠠᠵᠢᠯ ᠤᠨ ᠶᠡᠷᠦᠩᠬᠡᠶ ᠲᠣᠬᠢᠷᠠᠭᠤᠯᠤᠯᠲᠠ ᠶᠢ ᠦᠨᠳᠦᠰᠦᠯᠡᠨ᠂ ᠬᠠᠷᠠᠭᠠᠯᠵᠠᠭᠰᠠᠨ ᠰᠤᠷᠤᠯᠭ᠎ᠠ ᠶᠢᠨ ᠱᠠᠲᠤ᠂ ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠤᠨ ᠵᠢᠭᠠᠬᠤ ᠮᠠᠲ᠋ᠧᠷᠢᠶᠠᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠵᠢᠭᠠᠬᠤ ᠮᠠᠲ᠋ᠧᠷᠢᠶᠠᠯ ᠤᠨ ᠲᠣᠪᠴᠢᠶ᠎ᠠ ᠲᠠᠢ ᠠᠵᠢᠯ ᠤᠨ ᠬᠠᠮᠳᠤᠷᠠᠯ ᠤᠨ ᠬᠦᠴᠦᠨ ᠢ ᠪᠦᠷᠢᠯᠳᠦᠬᠦᠯᠪᠡ᠃ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠵᠢᠭᠠᠬᠤ ᠮᠠᠲ᠋ᠧᠷᠢᠶᠠᠯ ᠤᠨ ᠠᠵᠢᠯ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠵᠢᠭᠠᠬᠤ ᠮᠠᠲ᠋ᠧᠷᠢᠶᠠᠯ ᠤᠨ ᠪᠦᠳᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠵᠠᠢ᠃ ᠣᠳᠣᠬᠠᠨ ᠳᠤ ᠨᠢᠭᠡᠨᠲᠡ ᠬᠠᠭᠠᠰ ᠰᠢᠬᠠᠮ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤᠰᠬᠠᠶ ᠵᠢᠭᠠᠬᠤ ᠮᠠᠲ᠋ᠧᠷᠢᠶᠠᠯ ᠤᠨ ᠠᠵᠢᠯ ᠤᠨ ᠪᠠᠶᠢᠭᠤᠯᠤᠮᠵᠢ ᠪᠠᠶᠢᠭᠤᠯᠤᠬᠰᠠᠨ︾  ᠪᠠᠶᠢᠨ᠎ᠠ᠃       ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠰᠤᠷᠭᠠᠨ ᠬᠥᠮᠦᠵᠢᠯ ᠤᠨ ᠶᠠᠮᠤᠨ ᠵᠢᠭᠠᠬᠤ ᠮᠠᠲ᠋ᠧᠷᠢᠶᠠᠯ ᠢ ︽ᠨᠠᠶᠢᠷᠠᠭᠤᠯᠬᠤ ᠳᠤ ᠡᠷᠬᠡᠪᠰᠢ ᠬᠢᠨᠠᠬᠤ︾᠂ ︽ᠰᠣᠩᠭᠤᠬᠤ ᠳᠤ ᠡᠷᠬᠡᠪᠰᠢ ᠬᠢᠨᠠᠬᠤ︾ ᠶᠢ ᠪᠠᠷᠢᠮᠲᠠᠯᠠᠵᠤ᠂ ᠪᠦᠬᠦ ᠶᠠᠪᠤᠴᠠ ᠶᠢ ᠬᠢᠨᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠪᠦᠬᠦ ᠲᠠᠯ᠎ᠠ ᠪᠠᠷ ᠴᠢᠩᠭᠠᠳᠬᠠᠵᠤ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠪᠣᠭᠤᠮᠲᠠ ᠪᠠ ᠬᠢᠨᠠᠨ ᠬᠠᠷᠭᠤᠭᠤᠯᠬᠤ ᠪᠣᠭᠤᠮᠲᠠ᠂ ᠰᠣᠩᠭᠤᠨ ᠬᠡᠷᠡᠭᠯᠡᠬᠦ ᠪᠣᠭᠤᠮᠲᠠ ᠶᠢ ᠰᠠᠶᠢᠲᠤᠷ ᠰᠠᠬᠢᠵᠤ᠂ ︽ᠵᠢᠭᠠᠬᠤ ᠮᠠᠲ᠋ᠧᠷᠢᠶᠠᠯ ᠢ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ ᠣᠷᠣᠭᠤᠯᠬᠤ᠂ ᠰᠤᠷᠤᠭᠴᠢᠳ ᠤᠨ ᠪᠢᠴᠢᠭ ᠤᠨ ᠪᠣᠭᠴᠣᠨ ᠳᠤ ᠤᠷᠤᠭᠤᠯᠬᠤ ᠠᠮᠤᠷ ᠲᠦᠪᠰᠢᠨ ᠤ ᠨᠡᠭᠡᠯᠡᠬᠡᠶ ᠶᠢ ᠴᠢᠩᠭᠠᠯᠠᠪᠠ︾᠃       ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠵᠢᠭᠠᠬᠤ ᠮᠠᠲ᠋ᠧᠷᠢᠶᠠᠯ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠤᠨ ᠣᠷᠣᠭᠤᠯᠤᠯᠲᠠ ᠶᠢ ᠶᠡᠭᠡ ᠪᠠᠷ ᠨᠡᠮᠡᠭᠳᠡᠬᠦᠯᠪᠡ᠃ ᠤᠯᠤᠰ᠂ ᠣᠷᠣᠨ ᠨᠤᠲᠤᠭ᠂ ᠰᠤᠷᠭᠠᠭᠤᠯᠢ᠂ ᠬᠡᠪᠯᠡᠯ ᠤᠨ ᠨᠢᠭᠡᠴᠡ ᠵᠡᠷᠭᠡ ᠤᠯᠠᠨ ᠲᠠᠯ᠎ᠠ ᠠᠴᠠ ᠣᠷᠣᠭᠤᠯᠬᠤ ᠵᠢᠭᠠᠬᠤ ᠮᠠᠲ᠋ᠧᠷᠢᠶᠠᠯ ᠤᠨ ᠪᠦᠳᠦᠭᠡᠨ ᠪᠠᠶᠢᠭᠤᠯᠤᠯᠲᠠ ᠶᠢᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠠᠢ᠃ ᠵᠢᠭᠠᠬᠤ ᠮᠠᠲ᠋ᠧᠷᠢᠶᠠᠯ ᠤᠨ ᠡᠩᠨᠡᠭᠡᠨ ᠤ ᠪᠠᠶᠢᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠬᠦᠯᠪᠡ᠃ ᠬᠥᠮᠦᠵᠢᠭᠦᠯᠬᠦ ᠪᠠ ᠪᠣᠯᠪᠠᠰᠤᠷᠠᠭᠤᠯᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠵᠢᠭᠠᠬᠤ ᠮᠠᠲ᠋ᠧᠷᠢᠶᠠᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠠᠢ᠃ ᠴᠢᠬᠤᠯᠠ ᠶᠡᠭᠡ ᠰᠤᠳᠤᠯᠭᠠᠨ ᠤ ᠲᠥᠷᠥᠯ ᠵᠦᠢᠯ᠂ ᠭᠤᠤᠯᠳᠠᠯᠭ᠎ᠠ ᠲᠠᠢ ᠰᠤᠳᠤᠯᠭᠠᠨ ᠤ ᠰᠠᠭᠤᠷᠢᠨ ᠭᠠᠵᠠᠷ᠂ ᠥᠨᠳᠥᠷ ᠬᠢᠷᠢ ᠲᠦᠪᠰᠢᠨ ᠪᠥᠬᠦᠶ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠵᠡᠷᠭᠡ ᠳᠤ ᠲᠦᠰᠢᠭᠯᠡᠨ᠂ ᠥᠨᠳᠥᠷ ᠬᠢᠷᠢ ᠲᠦᠪᠰᠢᠨ ᠪᠥᠬᠦᠶ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠵᠤ ᠬᠢᠨᠠᠨ ᠰᠤᠳᠤᠯᠬᠤ ᠪᠦᠯᠬᠦᠮ ᠪᠠ ᠭᠤᠤᠯᠯᠠᠭᠴᠢ ᠬᠦᠴᠦᠨ ᠢ ᠬᠥᠮᠦᠵᠢᠭᠦᠯᠦᠨ ᠪᠣᠶ ᠪᠣᠯᠭᠠᠪᠠ᠃ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠲᠤᠯᠭᠠᠭᠤᠷᠢᠯᠠᠯ ᠢ ᠦᠷᠭᠦᠯᠵᠢᠯᠡᠨ ᠴᠢᠩᠭᠠᠷᠠᠭᠤᠯᠪᠠ᠃ ᠬᠢᠴᠢᠶᠡᠯ ᠲᠥᠷᠥᠯ ᠬᠤᠪᠢᠶᠠᠭᠰᠠᠨ ᠲᠤᠰᠬᠠᠶ ᠮᠡᠷᠭᠡᠵᠢᠯ ᠳᠤ ᠬᠢᠴᠢᠶᠡᠯ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠬᠢᠨᠠᠬᠤ ᠤᠯᠤᠰ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠨᠢᠭᠡᠨᠲᠡ ᠬᠥᠮᠥᠷᠭᠡ ᠳᠤ ᠣᠷᠣᠭᠤᠯᠤᠨ ᠨᠠᠶᠢᠷᠠᠭᠤᠯᠤᠨ ᠪᠢᠴᠢᠬᠦ ᠲᠤᠰᠬᠠᠶ ᠮᠡᠷᠭᠡᠵᠢᠯᠲᠡᠨ 5000 ᠭᠠᠷᠤᠶ ᠬᠦᠮᠦᠨ ᠂ ᠬᠢᠨᠠᠨ ᠬᠠᠷᠭᠤᠭᠤᠯᠬᠤ ᠲᠤᠰᠬᠠᠶ ᠮᠡᠷᠭᠡᠵᠢᠯᠲᠡᠨ 3000 ᠭᠠᠷᠤᠶ ᠬᠦᠮᠦᠨ ᠪᠠᠶᠢᠵᠤ᠂ ᠤᠯᠤᠰ ᠤᠨ ᠭᠤᠤᠯᠳᠠᠯᠭ᠎ᠠ ᠲᠠᠢ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠳᠤ ᠴᠢᠳᠠᠪᠤᠷᠢᠲᠠᠨ ᠤ ᠲᠣᠭᠲᠠᠭᠤᠨ ᠲᠤᠯᠭᠠᠭᠤᠷᠢᠯᠠᠯ ᠢ ᠬᠠᠩᠭᠠᠪᠠ᠃       ᠲᠢᠶᠠᠨ ᠬᠤᠶ ᠱᠧᠩ ᠬᠡᠯᠡᠬᠦ ᠳᠡᠭᠡᠨ᠂  ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠵᠢᠭᠠᠬᠤ ᠮᠠᠲ᠋ᠧᠷᠢᠶᠠᠯ ᠤᠨ ᠪᠥᠲᠥᠭᠡᠨ ᠪᠠᠶᠢᠭᠤᠯᠤᠯᠲᠠ ᠶᠢᠨ ᠬᠥᠮᠦᠨ ᠤ ᠬᠦᠴᠦ ᠡᠳ᠋ ᠪᠣᠳᠠᠰ ᠵᠡᠷᠭᠡ ᠲᠠᠯ᠎ᠠ ᠶᠢᠨ ᠪᠠᠲᠤᠯᠠᠭ᠎ᠠ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠵᠢᠭᠠᠬᠤ ᠮᠠᠲ᠋ᠧᠷᠢᠶᠠᠯ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠬᠦᠷᠦᠯᠴᠡᠬᠦ ᠥᠬᠡᠶ᠂ ᠴᠢᠳᠠᠪᠤᠷᠢᠲᠠᠨ ᠲᠤᠳᠠᠬᠳᠠᠬᠤ᠂ ᠰᠠᠭᠤᠷᠢ ᠪᠠᠭᠤᠷᠠᠶ ᠪᠠᠶᠢᠬᠤ ᠪᠠᠶᠢᠳᠠᠯ ᠢ ᠪᠦᠲᠦᠮᠵᠢᠲᠡᠶ ᠪᠠᠷ ᠬᠤᠪᠢᠷᠠᠭᠤᠯᠪᠠ ᠬᠡᠵᠡᠢ᠃       ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠬᠡᠷᠡᠭᠯᠡᠵᠦ ᠪᠠᠶᠢᠭ᠎ᠠ ᠪᠥᠬᠦ ᠤᠯᠤᠰ ᠤᠨ ᠡᠯ᠎ᠡ ᠱᠠᠲᠤᠨ ᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠨᠢᠭᠡᠨᠲᠡ 19 ᠲᠦᠮᠡ ᠰᠢᠬᠠᠮ ᠲᠥᠷᠥᠯ ᠪᠠᠶᠢᠨ᠎ᠠ᠂ ᠡᠭᠦᠨ ᠳᠤ ᠰᠠᠭᠤᠷᠢ ᠰᠤᠷᠭᠠᠨ ᠬᠥᠮᠦᠵᠢᠯ ᠤᠨ ᠲᠥᠷᠥᠯ ᠤᠨ ᠵᠢᠭᠠᠬᠤ ᠮᠠᠲ᠋ᠧᠷᠢᠶᠠᠯ 1 ᠲᠦᠮᠡ ᠰᠢᠬᠠᠮ ᠲᠥᠷᠥᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠥᠷᠥᠯ ᠤᠨ ᠵᠢᠭᠠᠬᠤ ᠮᠠᠲ᠋ᠧᠷᠢᠶᠠᠯ 8 ᠲᠦᠮᠡ ᠰᠢᠬᠠᠮ ᠲᠥᠷᠥᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠥᠷᠥᠯ ᠤᠨ ᠵᠢᠭᠠᠬᠤ ᠮᠠᠲ᠋ᠧᠷᠢᠶᠠᠯ 10 ᠲᠦᠮᠡ ᠰᠢᠬᠠᠮ ᠲᠥᠷᠥᠯ ᠪᠠᠶᠢᠬᠤ ᠪᠦᠭᠡᠳ ︽ᠰᠢᠨ᠎ᠡ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠦᠨᠳᠦᠰᠦᠨ ᠳᠡᠭᠡᠨ ᠪᠦᠷᠢᠯᠳᠦᠭᠰᠡᠨ︾  ᠪᠠᠶᠢᠨ᠎ᠠ᠃http://mongol.people.com.cn/15833741.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ