ᠬᠤᠲᠠ ᠶᠢᠨ ᠵᠠᠰᠠᠭ ᠤᠨ ᠣᠷᠳᠣᠨ 2020 ᠣᠨ ᠤ 46 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/28
ᠵᠠᠩ ᠪᠠᠢ ᠴᠧᠩ ᠡᠷᠬᠢᠯᠡᠪᠡ      12 ᠳ᠋ᠤᠭᠠᠷ ᠰᠠᠷ᠎ᠠ ᠶᠢᠨ 25 ᠤ ᠡᠳᠦᠷ᠂ ᠬᠤᠲᠠ ᠶᠢᠨ ᠵᠠᠰᠠᠭ ᠤᠨ ᠣᠷᠳᠣᠨ 2020 ᠣᠨ ᠤ 46 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ 2020 ᠣᠨ ᠤ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠵᠢᠱᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂2021 ᠣᠨ ᠤ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠶᠢ ᠰᠤᠳᠤᠯᠪᠠ︔ ︽ᠬᠥᠬᠡᠬᠤᠲᠠ ᠶᠢᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ︾ ᠳᠤ ᠵᠠᠰᠠᠪᠤᠷᠢ ᠣᠷᠣᠭᠤᠯᠬᠤ ᠵᠡᠷᠭᠡ ᠶᠢ ᠵᠠᠷᠴᠢᠮ ᠳᠡᠭᠡᠷ᠎ᠡ ᠪᠠᠨ ᠪᠠᠲᠤᠯᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠢᠭᠡᠨ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠂ ᠨᠢᠭᠡ ᠵᠢᠯ ᠤᠨ ᠲᠤᠷᠰᠢ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠪᠦᠬᠦᠨ ᠰᠢᠨ᠎ᠡ ᠳᠠᠪᠰᠢᠯᠲᠠ ᠰᠢᠨ᠎ᠡ ᠦᠷ᠎ᠡ ᠪᠦᠲᠦᠮᠵᠢ ᠣᠯᠪᠠ᠃ ᠤᠳᠠᠯ ᠦᠭᠡᠢ ᠢᠷᠡᠬᠦ ᠭᠡᠵᠦ ᠪᠠᠶᠢᠭ᠎ᠠ 2021 ᠣᠨ ᠪᠣᠯ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠳᠤ ᠰᠢᠯᠵᠢᠨ ᠣᠷᠣᠬᠤ ᠡᠬᠢᠯᠡᠯᠲᠡ ᠶᠢᠨ ᠣᠨ ᠪᠣᠯᠣᠨ᠎ᠠ᠂  ᠢᠷᠡᠬᠦ ᠵᠢᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠢᠷᠡᠬᠦ ᠵᠢᠯ ᠤᠨ ᠠᠵᠤ ᠠᠬᠤᠢ ᠶᠢᠨ ᠡᠯ᠎ᠡ ᠵᠦᠢᠯ ᠤᠨ ᠭᠤᠣᠯ ᠭᠦᠢᠴᠡᠳᠬᠡᠯ ᠲᠤᠭ᠎ᠠ ᠳᠤ ᠨᠠᠷᠢᠨ ᠬᠢᠨᠠᠮᠠᠭᠠᠢ ᠰᠤᠳᠤᠯᠤᠯᠲᠠ ᠬᠢᠵᠦ ᠰᠢᠨᠵᠢᠯᠡᠬᠦ ᠤᠬᠠᠭᠠᠨᠴᠢ ᠪᠠᠷ ᠬᠡᠮᠵᠢᠨ ᠪᠣᠳᠣᠵᠤ᠂ ᠦᠨᠡᠨ ᠠᠴᠠ ᠵᠥᠪ ᠢ ᠡᠷᠢᠬᠦ ᠪᠠᠷ ᠪᠠᠷᠠᠬᠤ ᠦᠭᠡᠢ᠂ ᠪᠠᠰᠠ ᠳᠠᠪᠰᠢᠯᠲᠠ ᠴᠢᠷᠮᠠᠶᠢᠯᠲᠠ ᠶᠢ ᠬᠠᠷᠠᠭᠤᠯᠵᠤ᠂ ᠨᠡᠩ ᠥᠨᠳᠥᠷ ᠪᠠᠷᠢᠮᠵᠢᠶ᠎ᠠ ᠲᠠᠢ ᠬᠠᠷᠢᠴᠠᠭᠤᠯᠤᠨ᠂ ᠬᠥᠭᠵᠢᠯᠲᠡ ᠶᠢ ᠰᠦᠪᠡᠭᠴᠢᠯᠡᠭᠰᠡᠨ᠂ ᠬᠥᠭᠵᠢᠯᠲᠡ ᠶᠢ ᠠᠳᠬᠤᠭᠰᠠᠨ ᠢᠯᠡ ᠲᠣᠳᠣᠷᠬᠠᠢ ᠵᠢᠯᠣᠭᠤᠳᠤᠮᠵᠢ ᠶᠢ ᠪᠣᠢ ᠪᠤᠯᠭᠠᠬᠤ ᠬᠡᠷᠡᠭᠲᠡᠢ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠵᠤ᠂ ᠨᠠᠷᠢᠨ ᠬᠠᠭᠤᠳᠠᠰᠤ ᠡᠬᠡ ᠳᠠᠩᠰᠠ ᠪᠠᠶᠢᠭᠤᠯᠤᠨ᠂ ᠲᠣᠳᠣᠷᠬᠠᠢ ᠬᠠᠷᠠᠯᠲᠠ ᠲᠣᠭᠲᠠᠭᠠᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠵᠦ᠂ ᠡᠷᠲᠡ ᠡᠳᠦᠷ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠪᠦᠲᠦᠮᠵᠢ ᠣᠯᠬᠤ ᠶᠢ ᠪᠠᠲᠤᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠲᠥᠷᠥᠯ ᠵᠦᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠡᠯ᠎ᠡ ᠵᠦᠢᠯ ᠤᠨ ᠴᠢᠬᠤᠯᠠ ᠶᠡᠭᠡ ᠪᠠᠶᠠᠷ ᠳᠤᠷᠠᠰᠬᠠᠯ ᠢ ᠪᠡᠯᠭᠡᠯᠡᠬᠦ ᠠᠵᠢᠯᠯᠠᠭ᠎ᠠ ᠶᠢ ᠤᠷᠢᠳᠴᠢᠯᠠᠨ ᠲᠣᠬᠢᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠶᠠᠪᠤᠨ ᠰᠤᠷᠪᠤᠯᠵᠢᠯᠠᠵᠤ ᠪᠣᠯᠭᠤᠭᠠᠨ ᠲᠣᠬᠤᠨᠢᠭᠤᠯᠬᠤ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠂ ᠠᠮᠤᠷ ᠲᠣᠭᠲᠠᠭᠤᠨ ᠨᠡᠶᠢᠭᠡᠮ ᠤᠨ ᠪᠠᠶᠢᠳᠠᠯ ᠢ ᠦᠨᠡᠨᠬᠦ ᠰᠠᠶᠢᠨ ᠬᠠᠮᠠᠭᠠᠯᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠭᠰᠠᠨ ᠨᠢ᠂ ︽ᠬᠥᠬᠡᠬᠤᠲᠠ ᠶᠢᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ︾ ᠳᠤ ᠵᠠᠰᠠᠪᠤᠷᠢ ᠣᠷᠣᠭᠤᠯᠬᠤ ᠨᠢ᠂ ᠠᠭᠤᠷᠬᠠᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠲᠤᠳᠬᠠᠨ ᠳᠡᠭᠡᠭᠰᠢᠯᠡᠭᠦᠯᠵᠦ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠦᠨᠡᠨᠬᠦ ᠵᠢᠷᠤᠮᠵᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳ᠋ᠨ ᠮᠥᠩᠭᠦᠨ ᠠᠭᠤᠯᠠ ᠮᠥᠨ︾   ᠭᠡᠳᠡᠭ ᠢ ᠵᠢᠩᠬᠢᠨᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ︽ᠬᠥᠬᠡᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠡᠰ ᠳᠠᠷᠠᠭᠠᠯᠠᠯ ᠤᠨ ᠲᠣᠭᠲᠠᠭᠠᠯ︾ ᠬᠢᠭᠡᠳ ︽ᠬᠥᠬᠡᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠪᠠ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠰᠢᠦᠢ ᠷᠦᠢ ᠰᠢᠶᠠ᠂ ᠪᠢ ᠭᠥᠸᠧ ᠴᠧᠨ᠂ ᠮᠠᠤ ᠪᠣᠣ ᠹᠧᠩ᠂ ᠶᠦᠨ ᠰᠢᠨ ᠮᠢᠩ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号