ᠵᠠᠩ ᠪᠠᠢ ᠴᠧᠩ ᠬᠦᠢᠲᠡᠨ ᠬᠡᠯᠬᠢᠶᠡᠨ ᠤ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠡᠳᠦᠷ ᠳᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠠᠵᠢᠯ ᠤᠨ ᠲᠣᠬᠢᠷᠠᠭᠤᠯᠤᠯᠲᠠ ᠶᠢ ᠰᠠᠶᠢᠨ ᠬᠢᠵᠦ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2020/12/28
      12 ᠳ᠋ᠤᠭᠠᠷ ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠮᠠᠨ ᠤ ᠬᠤᠲᠠ ᠶᠢᠨ ᠬᠦᠢᠲᠡᠨ ᠬᠡᠯᠬᠢᠶᠡᠨ ᠤ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠳᠤ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠵᠦ ᠴᠢᠬᠤᠯᠠᠴᠢᠯᠠᠭᠰᠠᠨ ᠨᠢ᠂ ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠲᠡᠭᠡᠳᠦᠯᠡᠬᠦ ᠶᠢ ᠢᠮᠠᠭᠲᠠ ᠪᠠᠷᠢᠮᠳᠠᠯᠠᠵᠤ᠂ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠤᠨ᠂ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃      ᠵᠠᠩ ᠪᠠᠢ ᠴᠧᠩ ᠤᠷᠢᠳ ᠬᠤᠵᠢᠳ ᠮᠧᠢ ᠲᠥᠩ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ᠂ ᠬᠥᠬᠡᠬᠤᠲᠠ ᠶᠢᠨ ᠭᠤᠸᠠᠩ ᠪᠥᠸᠧ ᠢᠳᠡᠭᠡᠨ ᠤ ᠬᠦᠢᠲᠡᠨ ᠬᠥᠮᠥᠷᠭᠡ ᠳᠤ ᠬᠦᠷᠴᠦ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠤ ᠪᠠᠶᠢᠴᠠᠭᠠᠯᠲᠠ᠂ ᠮᠥᠷᠳᠡᠯᠲᠡ᠂ ᠬᠠᠳᠠᠭᠠᠯᠠᠯᠲᠠ᠂ ᠲᠡᠭᠡᠭᠡᠪᠦᠷᠢ ᠵᠡᠷᠭᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠦᠢᠲᠡᠨ ᠬᠡᠯᠬᠢᠶᠡᠨ ᠤ ᠢᠳᠡᠭᠡᠨ ᠤ ᠮᠡᠳᠡᠭᠦᠯᠦᠯᠲᠡ ᠶᠢᠨ ᠪᠢᠴᠢᠭ᠂ ᠣᠷᠣᠭᠤᠯᠤᠭᠰᠠᠨ ᠳᠠᠩᠰᠠ᠂ ᠪᠠᠶᠢᠴᠠᠭᠠᠭᠰᠠᠨ ᠮᠡᠳᠡᠭᠦᠯᠦᠯᠲᠡ ᠪᠠ ᠪᠦᠷᠢᠳᠬᠡᠯ ᠤᠨ ᠬᠦᠰᠦᠨᠦᠭ ᠢ ᠨᠠᠷᠢᠨ ᠪᠠᠶᠢᠴᠠᠭᠠᠨ ᠦᠵᠡᠵᠦ᠂ ᠬᠡᠰᠡᠭ ᠬᠤᠳᠠᠯᠳᠤᠭᠠᠨ ᠤ ᠡᠷᠦᠬᠡ ᠶᠢᠨ 12 ᠳ᠋ᠤᠭᠠᠷ ᠰᠠᠷ᠎ᠠ ᠶᠢᠨ ᠠᠷᠠᠯᠵᠢᠶᠠᠨ ᠤ ᠪᠠᠶᠢᠳᠠᠯ ᠢ ᠰᠤᠭᠤᠴᠢᠨ ᠪᠠᠶᠢᠴᠠᠭᠠᠵᠤ᠂ ᠪᠠᠷᠠᠭ᠎ᠠ ᠣᠷᠣᠭᠤᠯᠤᠭᠰᠠᠨ ᠴᠠᠭ᠂ ᠲᠤᠭ᠎ᠠ ᠬᠡᠮᠵᠢᠶ᠎ᠡ᠂ ᠣᠷᠣᠭᠤᠯᠤᠭᠰᠠᠨ ᠤᠯᠤᠰ᠂ ᠪᠣᠭᠤᠮᠲᠠ ᠳᠤ ᠮᠡᠳᠡᠭᠦᠯᠦᠭᠰᠡᠨ ᠪᠠᠷᠢᠮᠲᠠ᠂ ᠪᠣᠭᠤᠮᠲᠠ ᠪᠠᠷ ᠣᠷᠣᠭᠰᠠᠨ ᠴᠠᠭ᠂ ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ ᠶᠢᠨ ᠭᠠᠷ ᠭᠦᠢᠴᠡᠳᠬᠡᠯ᠂ ᠪᠠᠷᠠᠭ᠎ᠠ ᠲᠠᠸᠠᠷ ᠤᠨ ᠪᠦᠯᠦᠭ ᠤᠨ ᠨᠣᠮᠧᠷ᠂ ᠬᠥᠬᠡᠬᠤᠲᠠ ᠣᠷᠣᠨ ᠤ ᠰᠢᠯᠭᠠᠨ ᠪᠠᠶᠢᠴᠠᠭᠠᠭᠰᠠᠨ ᠴᠠᠭ ᠵᠡᠷᠭᠡ ᠶᠢ ᠪᠠᠶᠢᠴᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠳᠤ ᠦᠯᠢᠭᠡᠷ ᠠᠪᠬᠤ᠂ ᠰᠢᠨᠵᠢᠯᠡᠭᠡ ᠬᠢᠬᠦ ᠂ ᠰᠢᠭᠰᠢᠨ ᠪᠠᠶᠢᠴᠠᠭᠠᠬᠤ᠂ ᠮᠡᠳᠡᠭᠦᠯᠬᠦ ᠵᠡᠷᠭᠡ ᠲᠠᠯ᠎ᠠ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠬᠦᠢᠲᠡᠨ ᠬᠡᠯᠬᠢᠶᠡᠨ ᠤ ᠢᠳᠡᠭᠡᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠪᠣᠯ ᠬᠡᠪᠰᠢᠭᠰᠡᠨ ᠪᠠᠶᠢᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠠᠴᠠ ᠴᠢᠬᠤᠯᠠ ᠠᠵᠢᠯ ᠪᠠᠶᠢᠵᠤ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠥᠷᠥ ᠶᠢᠨ ᠰᠡᠷᠭᠡᠭ ᠴᠢᠨᠠᠷ ᠢᠶᠠᠨ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠤ ᠪᠦᠬᠦ ᠬᠡᠯᠬᠢᠶᠡᠨ ᠳᠠᠬᠢ ᠪᠢᠲᠡᠭᠦᠦ ᠴᠠᠭᠠᠷᠢᠭ ᠤᠨ ᠬᠠᠮᠢᠶᠠᠷᠤᠯᠲᠠ ᠪᠠᠨ ᠴᠢᠩᠭᠠᠳᠬᠠᠵᠤ᠂ ᠮᠠᠯ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠦᠢᠲᠡᠨ ᠬᠥᠮᠥᠷᠭᠡ ᠵᠢᠴᠢ ᠬᠦᠢᠲᠡᠨ ᠬᠡᠯᠬᠢᠶᠡᠨ ᠤ ᠢᠳᠡᠭᠡᠨ ᠤ ᠬᠤᠳᠠᠯᠳᠤᠭᠠᠨ ᠤ ᠡᠷᠦᠬᠡ᠂ ᠬᠤᠭᠤᠯᠠᠨ ᠭᠡᠷ ᠪᠠᠭᠤᠳᠠᠯ ᠵᠡᠷᠭᠡ ᠶᠢᠨ ᠡᠳᠦᠷ ᠲᠣᠲᠣᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠬᠢᠨᠠᠨ ᠬᠠᠮᠢᠶᠠᠷᠬᠤ ᠲᠡᠰ ᠳᠠᠷᠠᠭᠠᠯᠠᠯ ᠢᠶᠠᠨ ᠲᠡᠭᠦᠯᠳᠡᠷᠵᠢᠭᠦᠯᠵᠦ᠂ ᠠᠵᠢᠯ ᠤᠨ ᠲᠣᠬᠢᠷᠠᠭᠤᠯᠤᠯᠲᠠ ᠶᠢ ᠰᠠᠶᠢᠨ ᠬᠢᠵᠦ᠂ ᠠᠵᠢᠯ ᠤᠨ ᠬᠠᠷᠢᠭᠤᠴᠠᠯᠭ᠎ᠠ ᠶᠢ ᠳᠠᠷᠤᠰᠢᠭᠤᠯᠤᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠣᠭᠤᠷᠬᠠᠢ ᠦᠯᠡᠳᠡᠭᠡᠬᠦ ᠦᠭᠡᠢ᠂ ᠰᠣᠬᠤᠷ ᠪᠣᠯᠣᠩ ᠦᠯᠡᠳᠡᠭᠡᠬᠦ ᠦᠭᠡᠢ ᠪᠠᠶᠢᠵᠤ᠂ ᠬᠢᠵᠢᠭ ᠤᠨ ᠪᠠᠶᠢᠳᠠᠯ ᠪᠣᠭᠤᠮᠲᠠ ᠪᠠᠷ ᠣᠷᠣᠬᠤ ᠶᠢ ᠴᠢᠩᠭ᠎ᠠ ᠰᠠᠬᠢᠵᠤ᠂ ᠲᠥᠪ ᠬᠤᠲᠠ ᠶᠢᠨ ᠬᠢᠯᠪᠠᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠦᠨᠡᠨᠬᠦ ᠪᠠᠲᠤᠳᠬᠠᠬᠤ ᠬᠡᠷᠡᠭᠲᠡᠢ ᠭᠡᠵᠡᠢ᠃      ᠵᠠᠩ ᠪᠠᠢ ᠴᠧᠩ  ᠪᠠᠰᠠ ᠪᠠᠶᠠᠷ  ᠤᠨ  ᠡᠳᠦᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠪᠠᠲᠤᠯᠠᠭ᠎ᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠣᠶᠢᠯᠠᠭᠠᠪᠠ᠃      ᠬᠤᠲᠠ ᠶᠢᠨ ᠳᠡᠳ᠋ ᠳᠠᠷᠤᠭ᠎ᠠ ᠰᠢᠦᠢ ᠷᠦᠢ ᠰᠢᠶᠠ᠂ ᠴᠢᠶᠥᠥ ᠶᠦᠨ ᠯᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号