ᠬᠥᠭᠵᠢᠯᠲᠡ ᠶᠢᠨ ᠰᠠᠭᠤᠷᠢ
ᠨᠡᠶᠢᠲᠡᠯᠡᠭᠰᠡᠨ ᠴᠠᠭ᠄
2020/12/28
     ᠣᠷᠣᠨ ᠪᠠᠶᠢᠷᠢ ᠶᠢᠨ ᠨᠥᠬᠦᠴᠡᠯ      ᠰᠢᠨ᠎ᠡ ᠲᠣᠭᠤᠷᠢᠭ ᠨᠢ ᠥᠪᠥᠷ ᠮᠣᠩᠭᠤᠯ ᠤᠨ ᠲᠥᠪ ᠬᠥᠬᠡᠬᠤᠲᠠ ᠶᠢᠨ ᠵᠡᠭᠦᠨ ᠬᠡᠰᠡᠭ ᠪᠠ ᠡᠮᠦᠨᠡᠲᠦ ᠬᠡᠰᠡᠭ ᠲᠤ ᠪᠠᠶᠢᠷᠢᠯᠠᠵᠤ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠬᠤᠲᠠ ᠶᠢᠨ ᠪᠥᠭᠡᠮᠨᠡᠷᠡᠯ ᠤᠨ ᠭᠤᠤᠯ ᠣᠷᠣᠨ ᠪᠦᠰᠡ ᠳᠤ ᠣᠷᠣᠰᠢᠵᠤ᠂ ᠬᠠᠲᠤᠨ ᠭᠤᠤᠯ ᠢ ᠢᠰᠬᠦᠯᠦᠨ᠂ ᠲᠠᠯ᠎ᠠ ᠨᠤᠲᠤᠭ ᠲᠤ ᠡᠪᠦᠷᠯᠡᠭᠳᠡᠵᠦ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠬᠤᠲᠠ ᠶᠢᠨ ᠪᠥᠭᠡᠮᠨᠡᠷᠡᠯ ᠤᠨ ᠭᠤᠤᠯ ᠣᠷᠣᠨ ᠪᠣᠯᠬᠤ ᠪᠥᠭᠡᠳ ᠤᠮᠠᠷᠠᠲᠤ ᠣᠷᠣᠨ ᠪᠣᠯᠤᠨ ᠪᠠᠷᠠᠭᠤᠨ ᠬᠤᠶᠢᠲᠤ ᠣᠷᠣᠨ ᠢ ᠨᠡᠪᠲᠡᠷᠡᠭᠦᠯᠬᠦ ᠴᠢᠬᠤᠯᠠ ᠵᠠᠩᠭᠢᠯᠠᠭ᠎ᠠ ᠪᠣᠯᠤᠨ᠎ᠠ᠂ ᠲᠣᠷᠭᠠᠨ ᠵᠠᠮ ᠤᠨ ᠠᠵᠤ ᠠᠬᠤᠢ ᠶᠢᠨ ᠪᠦᠰᠡ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠤᠯᠪᠣᠭᠠᠰᠤ ᠴᠡᠭ ᠪᠣᠯᠤᠨ᠎ᠠ᠂ ᠰᠢᠨ᠎ᠡ ᠲᠣᠭᠤᠷᠢᠭ ᠤᠨ ᠭᠤᠣᠯ ᠣᠷᠣᠨ ᠨᠢ ᠬᠦᠬᠡᠬᠤᠲᠠ ᠠᠴᠠ 30 ᠺᠢᠯᠣᠮᠧᠲᠷ ᠵᠠᠶᠢᠲᠠᠢ ᠪᠠᠶᠢᠵᠤ᠂ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠲᠠᠢ᠃ ︽ᠮᠤᠨᠢ ᠠᠭᠤᠯᠠ ᠶᠢᠨ ᠬᠤᠷᠮᠣᠶ  ᠳᠤᠷ ᠴᠡᠯᠡᠭᠡᠷ ᠲᠠᠯ᠎ᠠ ᠴᠡᠯᠡᠶᠢᠭᠡᠳ᠂ ᠮᠣᠩᠭᠤᠯ ᠭᠡᠷ ᠰᠢᠭ ᠲᠡᠭᠷᠢ ᠳᠥᠷᠪᠡᠨ ᠵᠦᠭ ᠢ ᠪᠦᠷᠬᠦᠨ᠎ᠡ᠂ ᠦᠨᠳᠦᠷ ᠲᠡᠭᠷᠢ ᠬᠦᠬᠡᠷᠡᠵᠦ ᠥᠷᠭᠡᠨ ᠲᠠᠯ᠎ᠠ ᠨᠡᠯᠦᠶᠢᠨ᠎ᠡ᠂ ᠡᠪᠡᠰᠦᠨ ᠲᠣᠯᠣᠭᠠᠢ ᠰᠠᠯᠬᠢᠨ ᠳᠤ ᠨᠠᠶᠢᠭᠤᠬᠤᠯᠠᠷ ᠦᠬᠡᠷ ᠬᠤᠨᠢᠳ ᠦᠵᠡᠭᠳᠡᠨᠡᠮ︾᠂ ᠡᠨᠡ ᠪᠣᠯ ᠴᠡᠯᠡᠭᠡᠷ ᠲᠠᠯ᠎ᠠ ᠶᠢᠨ ᠥᠩᠭᠡ ᠦᠵᠡᠮᠵᠢ ᠶᠢ ᠤᠶᠠᠩᠭᠠᠯᠠᠭᠰᠠᠨ ᠰᠢᠯᠥᠭ ᠮᠦᠨ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠭᠤᠣᠯ ᠣᠷᠣᠨ ᠨᠢ ᠶᠠᠭ ᠠᠳᠡ ᠪᠠᠶᠢᠭ᠎ᠠ ᠶᠤᠮ᠃
     ᠪᠠᠶᠢᠭᠠᠯᠢ ᠶᠢᠨ ᠡᠬᠢ ᠪᠠᠶᠠᠯᠢᠭ      ᠠᠭᠤᠷ ᠠᠮᠢᠰᠬᠤᠯ ᠤᠨ ᠨᠥᠬᠦᠴᠡᠯ ᠲᠠᠭᠠᠯᠠᠮᠵᠢᠲᠠᠢ᠃ ᠨᠡᠶᠢᠲᠡᠯᠢᠭ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠳᠠᠵᠤ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 3.5 — 8℃ ᠪᠠᠶᠢᠵᠤ᠂ ᠡᠭᠦᠨ ᠳᠤ ᠤᠮᠠᠷᠠᠲᠤ ᠬᠡᠰᠡᠭ ᠤᠨ ᠳᠠᠯᠠᠨ ᠬᠠᠷ᠎ᠠ ᠠᠭᠤᠯᠠ ᠶᠢᠨ ᠳᠤᠮᠳᠠᠴᠢ ᠠᠭᠠᠷ ᠤᠨ ᠳᠤᠯᠠᠭᠠᠨ ᠨᠢ ᠵᠥᠪᠬᠡᠨ 2℃᠂ ᠡᠮᠦᠨᠡᠲᠦ ᠬᠡᠰᠡᠭ ᠤᠨ ᠭᠠᠵᠠᠷ ᠣᠷᠣᠨ ︵ᠰᠢᠨ᠎ᠡ ᠲᠣᠭᠤᠷᠢᠭ ᠤᠨ ᠭᠤᠣᠯ ᠣᠷᠣᠨ︶ 6.7℃᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠰᠢᠯᠵᠢᠮᠡᠯ ᠬᠤᠯᠪᠣᠭ᠎ᠠ ᠶᠢᠨ ᠲᠤᠭ᠎ᠠ ᠪᠠᠷᠢᠮᠲᠠ ᠶᠢᠨ ᠲᠥᠪ ᠤᠨ ᠪᠣᠳᠠᠲᠠᠶ ᠬᠡᠮᠵᠢᠭᠰᠡᠨ ᠵᠢᠯ ᠤᠨ ᠳᠤᠮᠳᠠᠴᠢ ᠠᠭᠠᠷ ᠤᠨ ᠳᠤᠯᠠᠭᠠᠨ 5.4℃ ᠪᠣᠯᠤᠨ᠎ᠠ᠃ ᠵᠢᠯ ᠤᠨ ᠨᠡᠷᠡᠨ ᠤ ᠲᠤᠰᠤᠯᠲᠠ ᠶᠢᠨ ᠴᠠᠭ ᠨᠢ ᠳᠤᠮᠳᠠᠴᠢ ᠪᠠᠷ 1600 ᠴᠠᠭ ᠪᠠᠶᠢᠵᠤ᠂ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 335.2 — 534.6 ᠮᠢᠯᠢᠮᠧᠲᠷ ᠪᠣᠯᠤᠨ᠎ᠠ᠃      ᠠᠮᠢ ᠠᠬᠤᠢ ᠶᠢᠨ ᠣᠷᠴᠢᠨ ᠲᠣᠭᠤᠷᠢᠨ ᠨᠡᠯᠢᠶᠡᠳ ᠰᠠᠶᠢᠨ᠃ ᠰᠢᠨ᠎ᠡ ᠲᠣᠭᠤᠷᠢᠭ ᠨᠢ ᠮᠤᠨᠢ ᠠᠭᠤᠯᠠ ᠶᠢᠨ ᠡᠮᠦᠨ᠎ᠡ ᠬᠤᠷᠮᠣᠶ᠂ ᠮᠠᠨ ᠬᠠᠨ ᠱᠠᠨ ᠠᠭᠤᠯᠠ ᠶᠢᠨ ᠪᠠᠷᠠᠭᠤᠨ ᠲᠠᠯ᠎ᠠ ᠳᠤ ᠪᠠᠶᠢᠷᠢᠯᠠᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 36% ᠶᠢ ᠳᠠᠪᠠᠵᠤ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠪᠦᠷᠬᠦᠴᠡ ᠶᠢᠨ ᠨᠣᠷᠮ᠎ᠠ 53% ᠳᠤ ᠬᠦᠷᠴᠦ᠂ ᠶᠡᠭᠡ᠂ ᠪᠠᠭ᠎ᠠ ᠲᠥᠷᠭᠡᠨ ᠭᠤᠤᠯ᠂ ᠰᠢᠷᠠᠤ᠋ᠰᠤ ᠭᠤᠣᠯ᠂ ᠪᠣᠤ ᠪᠸᠢ ᠾᠧ ᠭᠤᠤᠯ ᠥᠷᠥᠴᠡ ᠪᠠᠷ ᠨᠢ ᠬᠥᠨᠳᠡᠯᠡᠨ ᠤᠷᠤᠰᠴᠤ᠂ ᠭᠠᠵᠠᠷ ᠰᠢᠷᠣᠶ ᠪᠠ ᠤᠰᠤᠨ ᠰᠤᠷᠪᠤᠯᠵᠢ ᠡᠯᠪᠡᠭ ᠳᠡᠯᠪᠡᠭ ᠪᠠᠶᠢᠵᠤ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠭᠤᠶᠢᠳᠠ ᠰᠠᠶᠢᠬᠠᠨ᠃      ᠭᠠᠵᠠᠷ ᠵᠦᠢ ᠶᠢᠨ ᠪᠦᠲᠦᠴᠡ ᠲᠣᠭᠲᠠᠪᠤᠷᠢᠲᠠᠢ᠃ ᠭᠠᠵᠠᠷ ᠤᠨ ᠪᠠᠶᠢᠴᠠ ᠨᠢ ᠠᠭᠤᠯᠠᠷᠬᠠᠭ ᠭᠠᠵᠠᠷ ᠪᠠ ᠲᠠᠯ᠎ᠠ ᠭᠠᠵᠠᠷ ᠢᠶᠠᠷ ᠪᠦᠷᠢᠯᠳᠦᠵᠦ᠂ ᠬᠤᠶᠢᠲᠤ ᠬᠡᠰᠡᠭ ᠤᠨ ᠳᠠᠯᠠᠨ ᠬᠠᠷ᠎ᠠ ᠠᠭᠤᠯᠠ ᠪᠠ ᠵᠡᠭᠦᠨ ᠡᠮᠦᠨᠡᠲᠦ ᠬᠡᠰᠡᠭ ᠤᠨ ᠮᠠᠨ ᠬᠠᠨ ᠱᠠᠨ ᠠᠭᠤᠯᠠ ᠲᠠᠢ᠂ ᠡᠮᠦᠨᠡᠲᠦ ᠬᠡᠰᠡᠭ ᠪᠠ ᠪᠠᠷᠠᠭᠤᠨ ᠡᠮᠦᠨᠡᠲᠦ ᠬᠡᠰᠡᠭ ᠪᠣᠯ ᠲᠦᠮᠡᠳ ᠤᠨ ᠲᠠᠯ᠎ᠠ ᠭᠠᠵᠠᠷ ᠤᠨ ᠪᠠᠶᠢᠴᠠ ᠪᠣᠯᠤᠨ᠎ᠠ᠂ ᠭᠠᠵᠠᠷ ᠤᠨ ᠪᠠᠶᠢᠴᠠ ᠨᠢ ᠵᠡᠭᠦᠨ ᠬᠤᠶᠢᠲᠤ ᠠᠴᠠ ᠪᠠᠷᠠᠭᠤᠨ ᠡᠮᠦᠨᠡᠰᠢ ᠠᠭᠠᠵᠢᠮ ᠢᠶᠠᠷ ᠳᠣᠷᠣᠭᠰᠢᠯᠠᠵᠤ᠂ ᠲᠡᠤᠬᠡᠨ ᠳᠡᠭᠡᠷ᠎ᠡ ᠨᠡᠯᠢᠶᠡᠳ ᠶᠡᠭᠡ ᠭᠠᠵᠠᠷ ᠵᠦᠢ ᠶᠢᠨ ᠭᠠᠮᠰᠢᠭ ᠡᠭᠦᠰᠴᠦ ᠦᠩᠭᠡᠷᠡᠭᠰᠡᠨ ᠦᠭᠡᠶ᠃      ᠡᠬᠢ ᠪᠠᠶᠠᠯᠢᠭ ᠤᠨ ᠳᠠᠭᠠᠭᠠᠴᠠ ᠴᠢᠩᠭ᠎ᠠ᠃ ᠬᠢᠯᠢ ᠶᠢᠨ ᠳᠣᠲᠣᠷᠠᠬᠢ ᠨᠡᠭᠦᠷᠡᠰᠦ᠂ ᠬᠡᠢ᠂ ᠴᠠᠬᠢᠯᠭᠠᠨ᠂ ᠭᠤᠤ ᠯᠢᠩ ᠰᠢᠷᠣᠶ ᠵᠡᠷᠭᠡ ᠡᠨᠧᠷᠭᠢ ᠶᠢᠨ ᠰᠤᠷᠪᠤᠯᠵᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠣᠳᠣ ᠨᠢᠭᠡᠨᠲᠡ 20 ᠭᠠᠷᠤᠶ ᠵᠦᠢᠯ ᠢ ᠬᠠᠶᠢᠨ ᠳᠣᠲᠣᠯᠠᠵᠠᠶ᠃      ᠨᠡᠭᠡᠭᠡᠨ ᠬᠥᠭᠵᠢᠭᠦᠯᠬᠦ ᠳᠠᠯᠳᠠ ᠬᠦᠴᠦᠨ ᠯᠤᠲᠤ ᠶᠡᠭᠡ᠃ ᠰᠢᠨ᠎ᠡ ᠲᠣᠭᠤᠷᠢᠭ ᠤᠨ ᠲᠥᠯᠥᠪᠵᠢᠭᠦᠯᠭᠡ ᠶᠢᠨ ᠣᠷᠣᠨ ᠪᠦᠰᠡ ᠨᠢ ᠪᠦᠬᠦ ᠤᠯᠤᠰ ᠤᠨ ᠭᠤᠤᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠨᠡᠭᠡᠭᠡᠯᠲᠡ ᠶᠢᠨ ᠣᠷᠣᠨ ᠳᠤ ᠪᠠᠶᠢᠷᠢᠯᠠᠵᠤ᠂ ᠣᠳᠣᠬᠠᠨ ᠳᠤ ᠨᠡᠭᠡᠭᠡᠨ ᠬᠥᠭᠵᠢᠭᠦᠯᠬᠦ ᠬᠦᠴᠦᠯᠡᠴᠡ ᠨᠡᠯᠢᠶᠡᠳ ᠳᠣᠤᠷ᠎ᠠ᠂ ᠬᠥᠭᠵᠢᠯᠲᠡ ᠶᠢᠨ ᠣᠷᠣᠨ ᠵᠠᠶ ᠡᠯᠪᠡᠭ ᠳᠡᠯᠪᠡᠭ ᠪᠠᠶᠢᠨ᠎ᠠ᠃      ᠥᠨᠳᠥᠷ ᠡᠬᠢᠯᠡᠯᠲᠡ ᠲᠠᠢ ᠥᠨᠳᠥᠷ ᠪᠠᠷᠢᠮᠵᠢᠶ᠎ᠠ ᠪᠠᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠰᠠᠭᠤᠷᠢ ᠨᠥᠬᠦᠴᠡᠯ ᠢ ᠨᠢᠭᠡᠨᠲᠡ ᠪᠦᠷᠢᠯᠳᠦᠭᠦᠯᠪᠡ᠃
     ᠵᠠᠮ ᠬᠠᠷᠢᠯᠴᠠᠭᠠᠨ ᠤ ᠲᠣᠣᠷ      ᠠᠭᠠᠷ ᠤᠨ ᠠᠶᠠᠯᠠᠯ      ᠰᠢᠨ᠎ᠡ ᠲᠣᠭᠤᠷᠢᠭ ᠤᠨ ᠬᠤᠶᠢᠲᠤ ᠵᠢᠭᠦᠷ ᠲᠤ ᠵᠢᠯ ᠤᠨ ᠠᠶᠠᠨᠴᠢᠳ ᠤᠨ ᠬᠡᠮᠵᠢᠶ᠎ᠡ 1000 ᠲᠦᠮᠡᠨ ᠬᠥᠮᠦᠨ ᠤᠳᠠᠭ᠎ᠠ ᠶᠢ ᠳᠠᠪᠠᠭᠰᠠᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠪᠣᠢ᠂ ᠲᠥᠯᠥᠪᠵᠢᠭᠦᠯᠦᠨ ᠪᠦᠲᠦᠭᠡᠨ ᠪᠠᠶᠢᠭᠤᠯᠵᠤ ᠪᠠᠶᠢᠭ᠎ᠠ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠨᠢ ᠰᠢᠨ᠎ᠡ ᠲᠣᠭᠤᠷᠢᠭ ᠤᠨ ᠭᠤᠣᠯ ᠣᠷᠣᠨ ᠳᠤ ᠪᠠᠶᠢᠷᠢᠯᠠᠵᠤ᠂ ᠵᠢᠯ ᠤᠨ ᠠᠶᠠᠨᠴᠢᠳ ᠤᠨ ᠬᠡᠮᠵᠢᠶ᠎ᠡ ᠶᠢ 2800 ᠲᠦᠮᠡᠨ ᠬᠥᠮᠦᠨ ᠤᠳᠠᠭ᠎ᠠ ︵2030 ᠣᠨ ᠪᠣᠯᠲᠠᠯ᠎ᠠ︶ ᠪᠠᠷ ᠵᠢᠷᠤᠭᠯᠠᠨ ᠲᠥᠯᠥᠪᠯᠡᠵᠦ᠂ ᠤᠯᠤᠰ ᠤᠨ ᠳᠣᠲᠣᠭᠠᠳᠤ ᠶᠢᠨ ᠴᠢᠬᠤᠯᠠ ᠭᠤᠤᠯ ᠱᠤᠭᠤᠮ ᠤᠨ ᠨᠢᠰᠬᠡᠯ ᠤᠨ ᠪᠠᠭᠤᠳᠠᠯ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠭᠤᠤᠯ ᠪᠡᠯᠡᠳᠬᠡᠯ ᠪᠠᠭᠤᠳᠠᠯ ᠪᠣᠯᠬᠤ ᠪᠦᠭᠡᠳ ᠨᠢᠭᠡᠳᠦᠭᠡᠷ ᠲᠥᠷᠥᠯ ᠤᠨ ᠠᠭᠠᠷ ᠤᠨ ᠠᠶᠠᠯᠠᠯ ᠤᠨ ᠪᠣᠭᠤᠮᠲᠠ ᠪᠣᠯᠤᠨ᠎ᠠ᠃
     ᠲᠡᠮᠦᠷ ᠵᠠᠮ      ᠪᠡᠭᠡᠵᠢᠩ ᠠᠴᠠ ᠪᠣᠭᠤᠲᠤ ᠬᠦᠷᠬᠦ᠂ ᠵᠢᠨᠢᠩ ᠠᠴᠠ ᠪᠣᠭᠤᠲᠤ ᠬᠦᠷᠬᠦ ᠬᠤᠶᠠᠳᠤᠭᠠᠷ ᠳᠠᠪᠬᠤᠷ ᠱᠤᠭᠤᠮ᠂ ᠬᠥᠬᠡᠬᠤᠲᠠ ᠵᠡᠭᠦᠨᠭᠠᠷ ᠤᠨ ᠪᠠᠷᠠᠭ᠎ᠠ ᠲᠡᠭᠡᠭᠡᠪᠦᠷᠢᠯᠡᠬᠦ ᠱᠤᠭᠤᠮ᠂ ᠬᠥᠬᠡᠬᠤᠲᠠ ᠵᠡᠭᠦᠨᠭᠠᠷ ᠣᠷᠳᠣᠰ ᠤᠨ ᠠᠶᠠᠨᠴᠢᠳ ᠤᠨ ᠲᠡᠭᠡᠭᠡᠪᠦᠷᠢ ᠶᠢᠨ ᠲᠡᠮᠦᠷ ᠵᠠᠮ ᠪᠣᠯᠤᠨ ᠬᠦᠬᠡᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠨᠢ ᠰᠢᠨ᠎ᠡ ᠲᠣᠭᠤᠷᠢᠭ ᠢᠶᠠᠷ ᠦᠩᠭᠡᠷᠡᠨ᠎ᠡ᠃ ᠬᠥᠬᠡᠬᠤᠲᠠ ᠠᠴᠠ ᠴᠢᠭᠤᠯᠤᠯᠲᠤ ᠬᠠᠭᠠᠯᠭ᠎ᠠ ᠬᠥᠷᠬᠦ ᠳᠡᠭᠡᠳᠦ ᠬᠤᠷᠳᠤ ᠶᠢᠨ ᠲᠡᠮᠦᠷ ᠵᠠᠮ ᠲᠡᠷᠭᠡ ᠨᠡᠪᠲᠡᠷᠡᠭᠰᠡᠨ ᠤ ᠳᠠᠷᠠᠭ᠎ᠠ᠂ ᠰᠢᠨ᠎ᠡ ᠲᠣᠭᠤᠷᠢᠭ ᠠᠴᠠ ᠪᠡᠭᠡᠵᠢᠩ ᠬᠥᠷᠬᠦ ᠳᠤ ᠪᠠᠷᠤᠭ 2.5 ᠴᠠᠭ ᠬᠡᠷᠡᠭᠰᠡᠵᠦ᠂ ᠵᠠᠮ ᠬᠠᠷᠢᠯᠴᠠᠭ᠎ᠠ ᠮᠠᠰᠢ ᠲᠥᠬᠦᠮ ᠪᠣᠯᠵᠠᠶ᠃
     ᠵᠠᠰᠠᠮᠠᠯ ᠵᠠᠮ      ᠪᠡᠭᠡᠵᠢᠩ ᠠᠴᠠ ᠲᠥᠪᠡᠳ ᠬᠦᠷᠬᠦ ︵G6︶᠂ ᠪᠡᠭᠡᠵᠢᠩ ᠠᠴᠠ ᠰᠢᠨᠵᠢᠶᠠᠩ ᠬᠦᠷᠬᠦ ︵G7︶᠂ ᠬᠦᠬᠡᠬᠤᠲᠠ ᠠᠴᠠ ᠪᠸᠢ ᠬᠠᠢ ᠬᠦᠷᠬᠦ ︵G59︶ ᠂ ᠷᠦᠩ ᠴᠧᠩ ᠠᠴᠠ ᠦᠬᠠᠢ ᠬᠦᠷᠬᠦ ︵G18︶ ᠳᠡᠭᠡᠳᠦ ᠬᠤᠷᠳᠤ ᠶᠢᠨ ᠵᠠᠰᠠᠮᠠᠯ ᠵᠠᠮ ᠪᠠ ᠤᠯᠤᠰ ᠤᠨ ᠵᠠᠰᠠᠮᠠᠯ ᠵᠠᠮ 209 ᠱᠤᠭᠤᠮ ᠨᠢ ᠰᠢᠨ᠎ᠡ ᠲᠣᠭᠤᠷᠢᠭ ᠢᠶᠠᠷ ᠦᠩᠭᠡᠷᠡᠨ᠎ᠡ᠃ ᠶᠢᠨ ᠱᠧᠩ ᠵᠠᠮ ᠢ ᠰᠠᠶᠢᠵᠢᠷᠠᠭᠤᠯᠤᠨ ᠥᠭᠡᠷᠡᠴᠢᠯᠡᠬᠦ ᠢᠨᠵᠧᠨᠧᠷᠢᠩ᠂ ᠭᠤᠣᠯ ᠣᠷᠣᠨ ᠤ ᠬᠡᠰᠡᠭ ᠪᠦᠯᠦᠭ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠵᠤ᠂ ᠰᠢᠨ᠎ᠡ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠰᠠᠮᠠᠯ ᠵᠠᠮ᠂ ᠰᠢᠨ᠎ᠡ ᠲᠣᠭᠤᠷᠢᠭ ᠤᠨ ᠵᠠᠮ ᠤᠨ ᠲᠣᠤᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠢᠳᠡᠪᠬᠢᠲᠡᠶ ᠪᠠᠷ ᠲᠥᠯᠥᠪᠯᠡᠵᠦ ᠪᠠᠶᠢᠨ᠎ᠠ᠃
     ᠭᠠᠵᠠᠷ ᠳᠣᠣᠷᠠᠬᠢ ᠲᠡᠮᠦᠷ ᠵᠠᠮ      ᠬᠥᠬᠡᠬᠤᠲᠠ 5 ᠵᠤᠷᠪᠤᠰ ᠭᠠᠵᠠᠷ ᠳᠣᠣᠷᠠᠬᠢ ᠲᠡᠮᠦᠷ ᠵᠠᠮ ᠤᠨ ᠱᠤᠭᠤᠮ ᠪᠦᠲᠦᠭᠡᠨ ᠪᠠᠶᠢᠭᠤᠯᠬᠤ ᠪᠠᠷ ᠲᠥᠯᠥᠪᠵᠢᠭᠦᠯᠦᠨ᠂ 1 ᠨᠣᠮᠧᠷᠲᠦ ᠱᠤᠭᠤᠮ᠂ 2 ᠨᠣᠮᠧᠷᠲᠦ ᠱᠤᠭᠤᠮ ᠢ ᠨᠢᠭᠡᠨᠲᠡ ᠠᠰᠢᠭᠯᠠᠯᠲᠠ ᠳᠤ ᠣᠷᠤᠭᠤᠯᠵᠤ᠂ ᠬᠤᠵᠢᠮ 2 ᠵᠣᠷᠪᠣᠰ ᠱᠤᠭᠤᠮ ᠨᠢ ᠰᠢᠨ᠎ᠡ ᠲᠣᠭᠤᠷᠢᠭ ᠬᠦᠷᠲᠡᠯ᠎ᠡ ᠨᠡᠪᠲᠡᠷᠡᠬᠦ ᠪᠦᠭᠡᠳ ᠰᠢᠨ᠎ᠡ ᠨᠢᠰᠬᠡᠯ ᠤᠨ ᠪᠠᠭᠤᠳᠠᠯ ᠢ ᠬᠤᠯᠪᠣᠨ᠎ᠠ᠃
     ᠬᠥᠭᠦᠷᠭᠡ      ᠰᠢᠨ᠎ᠡ ᠲᠣᠭᠤᠷᠢᠭ ᠪᠣᠯᠣᠨ ᠬᠠᠭᠤᠴᠢᠨ ᠬᠤᠲᠠ ᠶᠢᠨ ᠲᠣᠭᠤᠷᠢᠭ ᠢ ᠬᠤᠯᠪᠣᠬᠤ ᠭᠤᠤᠯ ᠰᠤᠨᠳᠠᠯᠠᠭᠰᠠᠨ ᠪᠡᠯᠭᠡ ᠲᠡᠮᠳᠡᠭᠲᠦ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ — ᠶᠢᠨ ᠱᠧᠩ ᠵᠠᠮ ᠤᠨ ᠶᠡᠭᠡ ᠲᠥᠷᠭᠡᠨ ᠭᠤᠤᠯ ᠢ ᠰᠤᠨᠳᠠᠯᠠᠭᠰᠠᠨ ᠭᠠᠭᠴᠠ ᠰᠤᠪᠤᠷᠭᠠᠲᠤ ᠲᠠᠰᠢᠭᠤ ᠲᠠᠲᠠᠮᠠᠯ ᠶᠡᠭᠡ ᠬᠥᠭᠦᠷᠭᠡ ᠶᠢ ᠡᠬᠢᠯᠡᠨ ᠪᠠᠶᠢᠭᠤᠯᠵᠤ᠂ ᠰᠢᠨ᠎ᠡ ᠲᠣᠭᠤᠷᠢᠭ ᠠᠴᠠ ᠭᠤᠣᠯ ᠬᠤᠳᠠ ᠶᠢᠨ ᠲᠣᠭᠤᠷᠢᠭ ᠬᠦᠷᠬᠦ ᠨᠡᠪᠲᠡᠷᠡᠬᠦ ᠴᠠᠭ ᠢ ᠲᠦᠢᠯ ᠤᠨ ᠶᠡᠭᠡ ᠪᠠᠷ ᠪᠣᠭᠤᠨᠢᠰᠬᠠᠬᠤ ᠪᠣᠯᠤᠨ᠎ᠠ᠃      ᠣᠳᠣᠬᠠᠨ ᠳᠤ᠂ ᠰᠢᠨ᠎ᠡ ᠲᠣᠭᠤᠷᠢᠭ ᠨᠢᠭᠡᠨᠲᠡ ᠵᠡᠭᠦᠨ ᠪᠠᠷᠠᠭᠤᠨ ᠢ ᠵᠣᠯᠭᠠᠭᠤᠯᠵᠤ᠂ ᠡᠮᠦᠨ᠎ᠡ ᠤᠮᠠᠷ᠎ᠠ ᠶᠢ ᠬᠤᠯᠪᠣᠭᠰᠠᠨ ᠣᠳᠣᠬᠢᠴᠢᠯᠠᠭᠰᠠᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠤ ᠂ ᠬᠤᠶᠢᠰᠢᠳᠠ ᠰᠢᠨ᠎ᠡ ᠲᠣᠭᠤᠷᠢᠭ ᠨᠢ ᠭᠤᠤᠯ ᠬᠤᠲᠠ ᠶᠢᠨ ᠲᠣᠭᠤᠷᠢᠭ  ᠯᠤᠭ᠎ᠠ ᠶᠢᠨ ᠭᠠᠵᠠᠷ ᠳᠣᠣᠷᠠᠬᠢ ᠲᠡᠮᠦᠷ ᠵᠠᠮ ᠤᠨ ᠬᠤᠯᠪᠣᠭ᠎ᠠ ᠪᠠᠨ ᠲᠥᠷᠭᠡᠳᠬᠡᠨ᠂ ᠡᠷᠭᠢᠨ ᠲᠣᠭᠤᠷᠢᠨ ᠤ ᠬᠤᠲᠠ ᠶᠢᠨ ᠳᠡᠭᠡᠳᠦ ᠬᠤᠷᠳᠤ ᠶᠢᠨ ᠲᠡᠮᠦᠷ ᠵᠠᠮ᠂ ᠬᠤᠲᠠ ᠶᠢᠨ ᠬᠤᠭᠤᠷᠣᠨᠳᠣᠬᠢ ᠭᠠᠯᠲᠤ ᠲᠡᠷᠭᠡ ᠶᠢᠨ ᠨᠡᠪᠲᠡᠷᠡᠯᠴᠡᠭᠡ ᠪᠠᠨ ᠠᠬᠢᠭᠤᠯᠵᠤ᠂ ᠬᠠᠷᠢᠶ᠎ᠠ ᠣᠷᠣᠨ ᠤ ᠬᠤᠰᠢᠭᠤ ᠰᠢᠶᠠᠨ ᠢ ᠵᠢᠮᠲᠦ ᠲᠡᠮᠦᠷ ᠵᠠᠮ ᠢᠶᠠᠷ ᠬᠤᠯᠪᠣᠨ᠂ ᠰᠢᠨ᠎ᠡ ᠲᠣᠭᠤᠷᠢᠭ ᠲᠤ ᠰᠢᠨ᠎ᠡ ᠨᠢᠰᠬᠡᠯ ᠤᠨ ᠪᠠᠭᠤᠳᠠᠯ᠂ ᠬᠦᠬᠡᠬᠤᠲᠠ ᠶᠢᠨ ᠡᠮᠦᠨ᠎ᠡ ᠥᠷᠲᠡᠭᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ ᠪᠠᠶᠢᠭᠤᠯᠵᠤ᠂ ᠰᠢᠨ᠎ᠡ ᠲᠣᠭᠤᠷᠢᠭ ᠤᠨ ᠣᠯᠠᠨ ᠤᠯᠤᠰ ᠲᠤ ᠬᠠᠨᠳᠤᠭᠤᠯᠤᠨ ᠨᠡᠭᠡᠭᠡᠯᠲᠡ ᠬᠢᠬᠦ ᠰᠢᠨ᠎ᠡ ᠲᠠᠪᠴᠠᠩ ᠢ ᠪᠠᠶᠢᠭᠤᠯᠤᠨ᠎ᠠ᠃
     ᠰᠠᠭᠤᠷᠢ ᠪᠡᠯᠡᠳᠬᠡᠮᠵᠢ ᠶᠢ ᠲᠥᠬᠦᠷᠵᠢᠭᠦᠯᠬᠦ      ᠴᠠᠬᠢᠯᠭᠠᠨ ᠬᠠᠩᠭᠠᠯᠭ᠎ᠠ᠄ ᠰᠢᠨ᠎ᠡ ᠲᠣᠭᠤᠷᠢᠭ ᠲᠤ ᠵᠢᠩ ᠨᠧᠩ ᠱᠧᠩᠯᠧ ᠢᠯᠴᠢ ᠶᠢᠨ ᠴᠠᠬᠢᠯᠭᠠᠨ ᠤ ᠦᠢᠯᠡᠳᠪᠦᠷᠢ᠂ ᠲᠣᠭᠲᠠᠬᠤ ᠴᠠᠬᠢᠯᠭᠠᠨ ᠤ ᠦᠢᠯᠡᠳᠪᠦᠷᠢ ︵ᠳᠡᠯᠡᠬᠡᠶ ᠶᠢᠨ ᠬᠠᠮᠤᠭ ᠤᠨ ᠲᠣᠮᠣ ᠳᠠᠩ ᠪᠡᠶᠡᠲᠦ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠦᠢᠯᠡᠳᠪᠦᠷᠢ︶ ᠪᠣᠯᠤᠨ ᠵᠢᠨᠴᠢᠶᠣᠣ ᠶᠢᠨ 3 ᠰᠠᠭᠤᠷᠢ ᠢᠯᠴᠢ ᠶᠢᠨ ᠴᠠᠬᠢᠯᠭᠠᠨ ᠤ ᠴᠠᠬᠢᠯᠭᠠᠨ ᠭᠠᠷᠭᠠᠬᠤ ᠦᠢᠯᠡᠳᠪᠦᠷᠢ ᠪᠣᠶ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 802 ᠲᠦᠮᠡᠨ ᠺᠢᠯᠣᠸᠠᠲ ᠲᠤ ᠬᠦᠷᠴᠦ᠂ ᠤᠯᠤᠰ ᠤᠨ ᠳᠣᠲᠣᠭᠠᠳᠤ ᠶᠢᠨ ᠭᠤᠷᠪᠠᠨ ᠶᠡᠭᠡ ᠴᠠᠬᠢᠯᠭᠠᠨ ᠤ ᠲᠣᠤᠷ ᠤᠨ ᠨᠢᠭᠡ ᠪᠣᠯᠬᠤ ᠮᠧᠩ ᠰᠢ ᠴᠠᠬᠢᠯᠭᠠᠨ ᠤ ᠲᠣᠤᠷ ᠪᠠᠶᠢᠵᠤ᠂ ᠭᠤᠤᠯ ᠣᠷᠣᠨ ᠳᠤ 2 ᠰᠠᠭᠤᠷᠢ 500KV᠂ 4 ᠰᠠᠭᠤᠷᠢ 220KV᠂ 6 ᠰᠠᠭᠤᠷᠢ 110KV ᠤᠨ ᠬᠦᠴᠦᠳᠡᠯ ᠥᠭᠡᠷᠡᠴᠢᠯᠡᠬᠦ ᠥᠷᠲᠡᠭᠡ ᠶᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ ᠡᠭᠦᠯᠡᠨ ᠬᠥᠨᠳᠡᠶ ᠶᠢᠨ ᠵᠠᠯᠭᠠᠯᠳᠤᠭᠰᠠᠨ ᠣᠷᠣᠨ ᠳᠤ ᠨᠢᠭᠡᠨᠲᠡ ᠲᠠᠪᠤᠨ ᠬᠡᠯᠬᠢᠶ᠎ᠡ ᠨᠠᠢᠮᠠᠨ ᠪᠤᠴᠠᠯ ᠬᠡᠯᠬᠢᠶ᠎ᠡ ᠶᠢᠨ ᠴᠠᠬᠢᠯᠭᠠᠨ ᠬᠠᠩᠭᠠᠬᠤ ᠰᠢᠰᠲ᠋ᠧᠮᠵᠢ ᠶᠢ ᠪᠦᠷᠢᠯᠳᠦᠭᠦᠯᠦᠨ᠂ ᠬᠦᠷᠢᠶᠡᠯᠡᠩ ᠲᠣᠭᠤᠷᠢᠭ ᠤᠨ ᠡᠭᠦᠯᠡᠨ ᠪᠤᠳᠤᠯᠲᠠ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠳᠤ ᠭᠦᠢᠴᠡᠳ ᠪᠥᠭᠡᠳ ᠲᠣᠭᠲᠠᠪᠤᠷᠢᠲᠠᠶ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠵᠤ ᠪᠠᠶᠢᠨ᠎ᠠ᠃      ᠰᠢᠲᠠᠮᠠᠬᠠᠶ ᠬᠡᠢ᠄ ᠴᠠᠩ ᠴᠢᠩ — ᠬᠥᠬᠡᠬᠤᠲᠠ ᠶᠢᠨ ᠰᠢᠲᠠᠮᠠᠬᠠᠶ ᠬᠡᠶ ᠳᠠᠮᠵᠢᠭᠤᠯᠬᠤ ᠬᠤᠭᠤᠯᠠᠶ ᠵᠢᠴᠢ ᠳᠠᠪᠬᠤᠷ ᠱᠤᠭᠤᠮ᠂ ᠱᠠᠨᠰᠢ ᠬᠢᠭᠡᠳ ᠪᠡᠭᠡᠵᠢᠩ ᠤᠨ ᠬᠤᠭᠤᠷᠣᠨᠳᠤᠬᠢ ᠳᠥᠷᠪᠡᠳᠦᠭᠡᠷ ᠳᠠᠮᠵᠢᠭᠤᠯᠬᠤ ᠱᠤᠭᠤᠮ᠂ ᠳ᠋ᠠ ᠾᠧ ᠪᠠᠶᠢᠭᠠᠯᠢ ᠶᠢᠨ ᠰᠢᠲᠠᠮᠠᠬᠠᠶ ᠬᠡᠶ ᠳᠠᠮᠵᠢᠭᠤᠯᠬᠤ ᠬᠤᠭᠤᠯᠠᠶ ᠨᠢ ᠰᠢᠨ᠎ᠡ ᠲᠣᠭᠤᠷᠢᠭ ᠢᠶᠠᠷ ᠥᠩᠭᠡᠷᠡᠵᠦ᠂ ᠪᠦᠬᠦ ᠤᠯᠤᠰ ᠤᠨ ᠬᠠᠮᠤᠭ ᠤᠨ ᠲᠣᠮᠣ ᠰᠢᠲᠠᠮᠠᠬᠠᠢ ᠬᠡᠢ ᠶᠢᠨ ᠠᠶ ᠰᠠᠪᠠ — ᠱᠦᠷᠬᠡᠢ ᠶᠢᠨ ᠬᠡᠢ ᠶᠢᠨ ᠠᠢ ᠰᠠᠪᠠ ᠨᠢ ᠰᠢᠨ᠎ᠡ ᠲᠣᠭᠤᠷᠢᠭ ᠠᠴᠠ 300 ᠺᠢᠯᠣᠮᠧᠲᠷ ᠵᠠᠶᠢᠲᠠᠢ ᠪᠠᠶᠢᠵᠤ᠂ ᠣᠲᠣ ᠬᠠᠶᠢᠨ ᠳᠣᠲᠣᠯᠠᠭᠰᠠᠨ ᠬᠠᠳᠠᠭᠠᠯᠠᠭᠳᠠᠴᠠ ᠤᠨ ᠬᠡᠮᠵᠢᠶ᠎ᠡ ᠨᠢ 6025 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠰᠢᠨ᠎ᠡ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠩᠭᠠᠯᠭ᠎ᠠ ᠶᠢ ᠭᠦᠢᠴᠡᠳ ᠪᠠᠲᠤᠯᠠᠵᠤ ᠪᠠᠶᠢᠨ᠎ᠠ᠃      ᠢᠯᠴᠢ ᠶᠢᠨ ᠬᠠᠩᠭᠠᠯᠭ᠎ᠠ᠄ ᠰᠢᠨ᠎ᠡ ᠲᠣᠭᠤᠷᠢᠭ ᠲᠤ ᠵᠢᠩ ᠨᠧᠩ ᠱᠧᠩᠯᠧ ᠢᠯᠴᠢ ᠶᠢᠨ ᠴᠠᠬᠢᠯᠭᠠᠨ ᠤ ᠦᠢᠯᠡᠳᠪᠦᠷᠢ᠂ ᠵᠢᠨᠴᠢᠶᠣᠣ ᠢᠯᠴᠢ ᠶᠢᠨ ᠴᠠᠬᠢᠯᠭᠠᠨ ᠤ ᠦᠢᠯᠡᠳᠪᠦᠷᠢ ᠪᠠ ᠹᠧᠩ ᠬᠤᠸᠠ ᠠᠮᠢᠳᠤ ᠪᠣᠳᠠᠰ ᠤᠨ ᠢᠯᠴᠢ ᠡᠭᠦᠰᠭᠡᠭᠴᠢ ᠶᠢᠨ ᠦᠢᠯᠡᠳᠪᠦᠷᠢ ᠪᠣᠢ᠂ ᠢᠯᠴᠢ ᠬᠠᠩᠭᠠᠬᠤ ᠲᠠᠯᠠᠪᠠᠶ ᠨᠢ ᠪᠠᠷᠤᠭ 3200 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠰᠢᠨ᠎ᠡ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠣᠰᠣᠭᠠᠷ᠂ ᠬᠤᠶᠢᠰᠢᠳᠠ ᠴᠠᠬᠢᠯᠭᠠᠨ ᠦᠢᠯᠡᠳᠪᠦᠷᠢ ᠶᠢᠨ ᠦᠯᠡᠳᠡᠪᠦᠷᠢ ᠢᠯᠴᠢ᠂ ᠰᠢᠲᠠᠮᠠᠬᠠᠶ ᠬᠡᠢ᠂ ᠭᠠᠵᠠᠷ ᠤᠨ ᠢᠯᠴᠢ ᠶᠢᠨ ᠡᠨᠧᠷᠬᠢ ︵ᠭᠦᠢᠬᠡᠨ ᠳᠠᠪᠬᠤᠷᠭ᠎ᠠ᠂ ᠭᠦᠨ ᠳᠠᠪᠬᠤᠷᠭ᠎ᠠ︶᠂ ᠨᠡᠷᠡᠨ ᠡᠨᠧᠷᠭᠢ ᠵᠡᠷᠭᠡ ᠣᠯᠠᠨ ᠵᠦᠢᠯ ᠤᠨ ᠴᠡᠪᠡᠷ ᠡᠨᠧᠷᠭᠢ ᠪᠠᠷ ᠢᠯᠴᠢ ᠬᠠᠩᠭᠠᠵᠤ᠂ ᠣᠯᠠᠨ ᠡᠨᠧᠷᠭᠢ ᠬᠠᠷᠢᠯᠴᠠᠨ ᠨᠦᠬᠦᠪᠦᠷᠢᠯᠡᠬᠦ᠂ ᠠᠷᠢᠭᠤᠨ ᠴᠡᠪᠡᠷ ᠥᠨᠳᠥᠷ ᠪᠦᠲᠦᠮᠵᠢᠲᠡᠶ ᠢᠯᠴᠢ ᠶᠢᠨ ᠬᠠᠩᠭᠠᠯᠭ᠎ᠠ ᠶᠢ ᠪᠡᠶᠡᠯᠡᠭᠦᠯᠬᠦ ᠪᠣᠯᠣᠨ᠎ᠠ᠃      ᠤᠰᠤᠨ ᠬᠠᠩᠭᠠᠯᠭ᠎ᠠ᠄ ᠬᠠᠲᠤᠨ ᠭᠤᠤᠯ᠂ ᠶᠡᠭᠡ ᠲᠥᠷᠭᠡᠨ ᠭᠤᠤᠯ᠂ ᠪᠠᠭ᠎ᠠ ᠲᠥᠷᠭᠡᠨ ᠭᠤᠤᠯ᠂ ᠰᠢᠷᠬᠤᠰᠤ᠂ ᠪᠦᠦ ᠪᠸᠢ ᠾᠧ ᠭᠤᠤᠯ ᠵᠡᠷᠭᠡ ᠣᠯᠠᠨ ᠭᠤᠤᠯ ᠮᠥᠷᠡᠨ ᠰᠢᠨ᠎ᠡ ᠲᠣᠭᠤᠷᠢᠭ ᠢ ᠲᠤᠭᠤᠯᠵᠤ᠂ ᠬᠥᠬᠡᠬᠤᠲᠠ ᠶᠢᠨ ︽ᠬᠠᠲᠤᠨ ᠭᠤᠤᠯ ᠤᠨ ᠤᠰᠤ ᠶᠢ ᠲᠠᠲᠠᠬᠤ ᠢᠨᠵᠧᠨᠧᠷᠢᠩ︾ ᠤᠨ ᠡᠳᠦᠷ ᠤᠨ ᠤᠰᠤ ᠬᠠᠩᠭᠠᠬᠤ ᠴᠢᠳᠠᠪᠤᠷᠢ ᠨᠢ 40 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠰᠢᠨ᠎ᠡ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠤᠰᠤᠨ ᠤ ᠬᠡᠷᠡᠭᠴᠡᠭᠡ ᠶᠢ ᠬᠠᠩᠭᠠᠵᠤ ᠪᠣᠯᠤᠨ᠎ᠠ᠃      ᠡᠭᠦᠯᠡᠨ ᠪᠣᠳᠣᠯᠲᠠ᠄ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠭᠤᠷᠪᠠᠨ ᠲᠣᠮᠣ ᠠᠵᠤ ᠠᠬᠤᠶᠢᠯᠠᠯ ᠰᠢᠨ᠎ᠡ ᠲᠣᠭᠤᠷᠢᠭ ᠲᠤ ᠲᠤᠭ᠎ᠠ ᠪᠠᠷᠢᠮᠲᠠ ᠶᠢᠨ ᠲᠥᠪ ᠪᠠᠶᠢᠭᠤᠯᠵᠤ᠂ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 70 ᠲᠦᠮᠡ ᠳᠤ ᠬᠦᠷᠴᠦ᠂ 2016 ᠣᠨ ᠳᠤ ᠪᠥᠬᠦ ᠤᠯᠤᠰ ᠤᠨ ᠴᠣᠷ ᠤᠨ ᠭᠠᠭᠴᠠ ᠲᠣᠮᠣ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠲᠥᠷᠥᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢᠶᠠᠷ ᠵᠥᠪᠰᠢᠶᠡᠷᠡᠭᠳᠡᠵᠦ᠂ 2017 ᠣᠨ ᠳᠤ ᠰᠢᠨ᠎ᠡ ᠲᠣᠭᠤᠷᠢᠭ ᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠤᠯᠤᠰ ᠤᠨ ᠭᠠᠯ ᠪᠠᠮᠪᠠᠷ ᠤᠨ ᠤᠨᠴᠠᠯᠢᠬᠳᠤ ᠠᠵᠤ ᠦᠢᠯᠡᠰ ᠤᠨ ᠬᠤᠶᠠᠳᠠᠬᠢ ᠪᠦᠯᠦᠭ ᠤᠨ ᠰᠠᠭᠤᠷᠢᠨ ᠭᠠᠵᠠᠷ ᠢᠶᠠᠷ ᠮᠠᠭᠠᠳᠯᠠᠨ ᠲᠣᠭᠲᠠᠭᠠᠵᠤ᠂ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠲᠥᠯᠥᠪᠵᠢᠭᠦᠯᠭᠡ ᠳᠤ ᠰᠢᠨ᠎ᠡ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠠᠵᠤ ᠦᠢᠯᠡᠰ ᠤᠨ ᠭᠤᠤᠯ ᠲᠣᠭᠤᠷᠢᠭ ᠢᠶᠠᠷ ᠵᠢᠭᠰᠠᠭᠠᠪᠠ᠃ ᠪᠠᠶ ᠳ᠋ᠦ᠋᠂ ᠠ ᠯᠢ ᠪᠠ ᠪᠠ ᠂ ᠲᠧᠩ ᠰᠢᠶᠦ᠋ᠨ᠂ ᠯᠠᠩ ᠴᠤᠤ ᠵᠡᠷᠭᠡ ᠨᠢᠭᠡ ᠪᠦᠯᠦᠭ ᠤᠯᠤᠰ ᠤᠨ ᠳᠣᠲᠣᠭᠠᠳᠤ ᠭᠠᠳᠠᠭᠠᠳᠤ ᠶᠢᠨ ᠢᠨᠲ᠋ᠧᠷ ᠰᠦᠯᠵᠢᠶᠡᠨ ᠤ ᠨᠠᠷᠠᠲᠤ ᠠᠵᠤ ᠠᠬᠤᠶᠢᠯᠠᠯ ᠰᠢᠨ᠎ᠡ ᠲᠣᠭᠤᠷᠢᠭ ᠲᠤ ᠨᠤᠲᠤᠭᠰᠢᠪᠠ᠃
     ᠪᠣᠬᠢᠷ ᠤᠰᠤᠨ ᠤ ᠰᠢᠢᠳᠪᠦᠷᠢᠯᠡᠯᠲᠡ᠄ ᠰᠢᠨ᠎ᠡ ᠲᠣᠭᠤᠷᠢᠭ ᠤᠨ ᠡᠯ᠎ᠡ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ᠂ ᠳᠠᠬᠢᠯᠲᠠ ᠤᠰᠤ ᠶᠢ ᠠᠰᠢᠭᠯᠠᠬᠤ ᠪᠡᠯᠡᠳᠬᠡᠮᠵᠢ ᠪᠦᠷᠢᠨ ᠲᠡᠭᠦᠯᠳᠡᠷ ᠪᠣᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ 5 ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ ᠡᠳᠦᠷ ᠤᠨ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠨᠢ 15.2 ᠲᠦᠮᠡᠨ ᠲᠣᠨ ᠳᠤ ᠬᠦᠷᠴᠦ ᠪᠠᠶᠢᠨ᠎ᠠ᠃      ᠴᠢᠮᠡᠭᠡ ᠬᠤᠯᠪᠣᠭ᠎ᠠ᠄ ᠪᠡᠭᠡᠵᠢᠩ᠂ ᠧᠦ᠋ᠷᠣᠫᠠ ᠲᠢᠪ ᠲᠤ ᠨᠡᠪᠲᠡᠷᠡᠬᠦ ᠢᠨᠲ᠋ᠧᠷ ᠰᠦᠯᠵᠢᠶᠡᠨ ᠤ ᠭᠤᠤᠯ ᠱᠤᠭᠤᠮ ᠤᠨ ᠲᠣᠤᠷ ᠰᠦᠯᠵᠢᠶ᠎ᠡ ᠶᠢ ᠪᠠᠶᠢᠭᠤᠯᠵᠤ ᠂ ᠭᠠᠳᠠᠭᠠᠳᠤ ᠳᠤ ᠭᠠᠷᠭᠠᠬᠤ ᠥᠷᠭᠡᠨ ᠪᠦᠰᠡ ᠶᠢᠨ ᠳᠠᠭᠠᠭᠠᠴᠠ ᠨᠢ 10T ᠳᠤ ᠬᠦᠷᠴᠦ᠂ ᠬᠥᠬᠡᠬᠤᠲᠠ ︽ᠥᠷᠭᠡᠨ ᠪᠦᠰᠡᠲᠦ ᠳᠤᠮᠳᠠᠳᠤ ᠤᠯᠤᠰ︾ ᠤᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠵᠦ᠂ ᠣᠲᠣ ᠶᠠᠭ ᠤᠯᠤᠰ ᠤᠨ ᠳᠡᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠭ᠎ᠠ ᠠᠪᠬᠤ ᠴᠡᠭ ᠢᠶᠠᠷ ᠭᠤᠶᠤᠴᠢᠯᠠᠨ ᠮᠡᠳᠡᠭᠦᠯᠵᠦ ᠪᠠᠶᠢᠨ᠎ᠠ᠃      ᠡᠳ᠋ ᠪᠠᠷᠠᠭᠠᠨ ᠤ ᠭᠦᠢᠯᠭᠡᠭᠡ᠄ ᠰᠢᠨ᠎ᠡ ᠲᠣᠭᠤᠷᠢᠭ ᠤᠨ ᠡᠳ᠋ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠪᠦᠷᠢᠨ ᠲᠡᠭᠦᠯᠳᠡᠷ ᠪᠣᠯᠵᠤ᠂ ᠡᠯ᠎ᠡ ᠲᠥᠷᠥᠯ ᠤᠨ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠨ᠎ᠠ᠃ ᠣᠷᠣᠨ ᠪᠦᠰᠡ ᠶᠢᠨ ᠳᠣᠲᠣᠷ᠎ᠠ ᠱᠠ ᠯᠢᠶᠠᠩ ᠲᠡᠮᠦᠷ ᠵᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠴᠠᠭᠠᠨ ᠰᠤᠪᠤᠷᠭ᠎ᠠ ᠠᠭᠠᠷ ᠤᠨ ᠭᠠᠷᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠰᠠᠶᠢᠷᠲᠤ ᠠᠶᠢᠯ ᠤᠨ ᠨᠡᠭᠦᠷᠡᠰᠦᠨ ᠤ ᠠᠷᠠᠯᠵᠢᠶᠠᠨ ᠤ ᠲᠥᠪ᠂ ᠲᠣᠭᠲᠠᠬᠤ ᠰᠢᠶᠠᠨ ᠬᠢᠭᠡᠳ ᠴᠢᠩ ᠱᠦᠢ ᠾᠧ ᠰᠢᠶᠠᠨ ᠤ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠣᠢ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ