ᠮᠠᠨ ᠤ ᠬᠤᠲᠠ ᠪᠠᠶᠠᠷ ᠤᠨ ᠡᠳᠦᠷ ᠠᠴᠠ ᠡᠮᠦᠨᠡᠬᠢ ᠰᠣᠶᠣᠯ ᠤᠨ ᠵᠠᠬ᠎ᠠ ᠳᠡᠯᠭᠡᠭᠦᠷ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/29
     ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ᠂ ᠡᠶ᠎ᠡ ᠵᠣᠬᠢᠴᠠᠩᠭᠤᠶ᠂ ᠡᠷᠡᠭᠦᠯ ᠰᠠᠶᠢᠬᠠᠨ ᠰᠣᠶᠣᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠠᠶᠠᠷ ᠤᠨ ᠡᠳᠦᠷ ᠠᠴᠠ ᠡᠮᠦᠨᠡᠬᠢ ᠰᠣᠶᠣᠯ ᠤᠨ ᠵᠠᠬ᠎ᠠ ᠳᠡᠯᠭᠡᠭᠦᠷ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠪᠥᠬᠦ ᠬᠤᠲᠠ ᠶᠢᠨ ᠰᠣᠶᠣᠯ ᠤᠨ ᠡᠵᠡᠩᠨᠡᠯᠲᠡ ᠶᠢᠨ ᠲᠠᠯᠠᠪᠤᠷ ᠤᠨ ᠵᠢᠷᠤᠮᠵᠢᠭᠰᠠᠨ ᠡᠵᠡᠩᠨᠡᠯᠲᠡ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠪᠠ᠃ ᠲᠤᠰ ᠤᠳᠠᠭ᠎ᠠ ᠶᠢᠨ ᠠᠵᠢᠯᠯᠠᠭ᠎ᠠ 2020 ᠣᠨ ᠤ 12 ᠳ᠋ᠤᠭᠠᠷ ᠰᠠᠷ᠎ᠠ ᠶᠢᠨ 2 1 ᠤ ᠡᠳᠦᠷ ᠠᠴᠠ 2021 ᠣᠨ ᠤ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭ᠎ᠠ ᠬᠦᠷᠲᠡᠯ᠎ᠡ᠂ ᠵᠢᠯ ᠤᠨ ᠡᠴᠦᠰ ᠪᠣᠯᠲᠠᠯ᠎ᠠ ᠶᠠᠪᠤᠭᠳᠠᠨ᠎ᠠ᠃      ᠣᠳᠣᠬᠠᠨ ᠳᠤ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠷᠢᠶᠠᠨ ᠳᠠᠬᠢ ᠰᠢᠨ᠎ᠡ ᠬᠤᠲᠠ᠂ ᠬᠤᠲᠣᠩ ᠠᠷᠠᠳ᠂ ᠢᠦᠶ  ᠴᠢᠤᠸᠠᠨ᠂ ᠰᠠᠶᠢᠬᠠᠨ   ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ 130 ᠭᠠᠷᠤᠶ ᠬᠠᠤᠯᠢ ᠬᠡᠷᠡᠭᠵᠢᠭᠦᠯᠬᠦ ᠠᠵᠢᠯᠲᠠᠨ ᠪᠦᠬᠦᠨ ᠢᠶᠠᠷ ᠢᠶᠠᠨ ᠨᠢᠭᠡᠳᠦᠭᠡᠷ ᠹᠷᠣᠨᠲ ᠲᠤ  ᠠᠵᠢᠯᠯᠠᠵᠤ᠂ ᠰᠥᠨᠢ ᠶᠢᠨ ᠪᠠᠶᠢᠴᠠᠭᠠᠯᠲᠠ ᠬᠢᠵᠦ᠂ ᠢᠯᠠᠩᠭᠤᠶ᠎ᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠡᠵᠡᠩᠨᠡᠯᠲᠡ ᠶᠢᠨ ᠣᠷᠭᠢᠯ ᠤᠨ ᠬᠤᠭᠤᠴᠠᠭ᠎ᠠ ᠶᠢ ᠪᠠᠶᠢᠴᠠᠭᠠᠬᠤ ᠭᠤᠣᠯᠳᠠᠯᠭ᠎ᠠ   ᠪᠠᠨ ᠪᠣᠯᠭᠠᠵᠤ᠂ ᠨᠠᠰᠤᠨ ᠳᠤ ᠥᠯᠥ ᠬᠦᠷᠦᠭᠰᠡᠳ ᠢ ᠭᠥᠯᠢᠶᠡᠨ ᠠᠪᠬᠤ᠂   ᠬᠦᠯᠢᠶᠡᠨ ᠠᠪᠤᠭᠰᠠᠨ  ᠵᠣᠴᠢᠨ ᠨᠢ ᠬᠢᠨᠠᠨ ᠲᠣᠭᠲᠠᠭᠠᠭᠰᠠᠨ ᠬᠥᠮᠦᠨ ᠤ ᠲᠤᠭ᠎ᠠ ᠠᠴᠠ ᠬᠡᠲᠦᠷᠡᠭᠰᠡᠨ ᠵᠢᠴᠢ ᠴᠠᠭ ᠠᠴᠠ ᠬᠡᠲᠦᠷᠡᠭᠦᠯᠦᠨ ᠡᠵᠡᠩᠨᠡᠭᠰᠡᠨ ᠵᠡᠷᠭᠡ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ ᠪᠠᠶᠢᠨ᠎ᠠ᠃ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠡᠯᠡᠳᠬᠡᠯ ᠶᠡᠭᠡ ᠠᠩᠭᠢ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ 9 ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠤᠯᠢ  ᠬᠡᠷᠡᠭᠵᠢᠬᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠡᠯ᠎ᠡ ᠶᠡᠭᠡ ᠠᠩᠭᠢ ᠶᠢᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠤᠯᠢ ᠶᠢ ᠴᠢᠩᠭ᠎ᠠ ᠬᠡᠷᠡᠭᠵᠢᠭᠦᠯᠵᠦ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ  ᠪᠠᠳᠤᠯᠠᠵᠤ ᠪᠤᠢ᠃ 5 ᠲᠠᠷᠢᠶᠠᠯᠠᠬᠤ ᠮᠠᠯᠵᠢᠬᠤ ᠬᠤᠰᠢᠭᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠤᠰ ᠲᠤᠰ ᠤᠨ ᠬᠠᠷᠢᠶ᠎ᠠ ᠣᠷᠣᠨ ᠳᠠᠭᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠡᠷᠭᠡ ᠳᠤᠨᠢ ᠥᠷᠨᠢᠭᠦᠯᠦᠨ᠎ᠡ᠃     ︵ᠰᠤᠷᠪᠤᠯᠵᠢᠯᠠᠭᠴᠢ ᠮᠢᠶᠣᠣ ᠴᠢᠩ  ᠴᠢᠮᠡᠭᠡᠯᠡᠭᠴᠢ ᠰᠦ᠋ ᠰᠢᠶᠤᠤ ᠳ᠋ᠦᠩ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号