12 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠠᠷᠠᠳ ᠤᠨ ᠰᠦᠯᠵᠢᠶ᠎ᠡ ᠶᠢᠨ | ᠰᠠᠨᠠᠭᠠᠴᠢᠯᠠᠭᠰᠠᠨ ︽ᠦᠵᠡᠰᠬᠦᠯᠡᠩᠲᠦ ᠰᠠᠶᠢᠬᠠᠨ ᠬᠥᠬᠡᠬᠤᠲᠠ ᠳᠤ ᠪᠤᠯᠵᠤᠵᠤ᠂ ᠲᠠᠯ᠎ᠠ ᠨᠤᠲᠤᠭ ᠤᠨ ᠲᠥᠪ | ᠬᠤᠲᠠ ᠶᠢ ᠶᠠᠪᠠᠭᠠᠨ ᠢᠶᠠᠷ ᠲᠤᠭᠤᠷᠢᠬᠤ︾ ᠲᠠᠪᠤᠳᠤᠭᠠᠷ ᠬᠤᠭᠤᠴᠠᠭᠠᠨ ᠤ ᠶᠠᠪᠠᠭᠠᠨ ᠢᠶᠠᠷ ᠠᠯᠬᠤᠬᠤ ᠰᠢᠨ᠎ᠡ | ᠵᠢᠯ ᠢᠶᠠᠨ ᠤᠭᠲᠤᠬᠤ ᠠᠵᠢᠯᠯᠠᠭ᠎ᠠ ᠥᠪᠥᠷ ᠮᠣᠩᠭᠤᠯ ᠤᠨ ᠬᠥᠬᠡᠬᠤᠲᠠ ᠳᠤ ᠶᠠᠪᠤᠭᠳᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠠᠵᠢᠯᠯᠠᠭ᠎ᠠ ᠳᠤ ᠪᠦᠷᠢᠶ᠎ᠡ ᠳᠦ᠋ᠦᠭᠠᠷᠭᠠᠵᠤ | ᠠᠵᠢᠯᠯᠠᠭ᠎ᠠ ᠡᠬᠢᠯᠡᠬᠦ ᠶᠢ ᠵᠠᠷᠯᠠᠪᠠ᠃ | ᠡᠪᠦᠯ ᠤᠨ ᠤᠯᠠᠷᠢᠯ ᠤᠨ ᠬᠥᠬᠡᠬᠤᠲᠠ ᠶᠢᠨ ᠠᠭᠤᠷ ᠠᠮᠢᠰᠬᠤᠯ ᠲᠤᠩᠭᠠᠯᠠᠭ ᠰᠠᠶᠢᠬᠠᠨ᠂ ᠰᠠᠯᠬᠢᠨ ᠤ ᠬᠦᠴᠦ | ᠪᠠᠭ᠎ᠠ ᠪᠣᠯᠬᠤᠷ ᠬᠡᠷ ᠤᠨ ᠭᠠᠳᠠᠨᠠᠬᠢ ᠠᠵᠢᠯᠯᠠᠭ᠎ᠠ ᠥᠷᠨᠢᠭᠦᠯᠬᠦ ᠳᠤ ᠨᠡᠯᠢᠶᠡᠳ ᠲᠣᠬᠢᠷᠠᠮᠵᠢᠲᠠᠶ ᠪᠠᠶᠢᠯ᠎ᠠ᠂ ᠪᠥᠬᠦ | ᠬᠤᠲᠠ ᠶᠢᠨ ᠶᠠᠪᠠᠭᠠᠨ ᠢᠶᠠᠷ ᠠᠯᠬᠤᠬᠤ ᠪᠠᠭ᠋ᠠᠳᠤᠳ 4700 ᠭᠠᠷᠤᠶ ᠬᠥᠮᠦᠰ ᠨᠢᠭᠡ ᠲᠠᠩᠬᠢᠮ ᠳᠤ ᠴᠤᠭᠯᠠᠷᠠᠵᠤ᠂ | ᠡᠷᠡᠭᠦᠯ ᠮᠡᠨᠳᠦ ᠶᠢᠨ ᠢᠶᠠᠨ ᠲᠥᠯᠥᠭᠡ ᠬᠤᠪᠢ ᠨᠡᠮᠡᠵᠦ ᠂ ᠬᠥᠬᠡᠬᠤᠲᠠ ᠶᠢᠨ ᠢᠶᠠᠨ ᠲᠥᠯᠥᠭᠡ ᠤᠤᠬᠠᠶᠢᠯᠠᠵᠤ᠂ ︽ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠪᠥᠬᠦ ᠠᠷᠠᠳ ᠤᠨ ᠡᠷᠡᠭᠦᠯ ᠮᠡᠨᠳᠦ︾ ᠶᠢᠨ ᠬᠥᠳᠡᠯᠭᠡᠭᠡᠨ ᠤ | ᠬᠡᠯᠪᠡᠷᠢ ᠪᠠᠷ ᠰᠢᠨ᠎ᠡ ᠵᠢᠯ ᠢᠶᠠᠨ ᠤᠭᠲᠤᠵᠠᠶ᠃ ᠶᠠᠪᠠᠭᠠᠨ ᠢᠶᠠᠷ ᠠᠯᠬᠤᠬᠤ ᠪᠠᠭ᠋ᠠᠳᠤᠳ ᠷᠦ᠋ ᠢ ᠠᠭᠤᠳᠠᠮ | ᠲᠠᠯᠠᠪᠠᠢ ᠠᠴᠠ ᠮᠣᠷᠳᠠᠵᠤ᠂ ᠲᠧᠩ ᠹᠸᠢ ᠡᠮᠦᠨ᠎ᠡ ᠵᠠᠮ᠂ ᠬᠥᠬᠡᠬᠤᠲᠠ ᠶᠢᠨ ᠵᠠᠰᠠᠭ ᠤᠨ ᠣᠷᠳᠣᠨ᠂ ᠰᠢᠨᠬᠤᠧᠠ ᠵᠡᠭᠦᠨ | ᠵᠡᠭᠡᠯᠢ᠂ ᠸᠠᠨ ᠲᠦᠩ ᠵᠠᠮ᠂ ᠬᠤᠳᠠ ᠲᠤᠭᠤᠷᠢᠬᠰᠠᠨ ᠬᠤᠶᠠᠳᠤᠭᠠᠷ ᠡᠮᠦᠨ᠎ᠡ ᠵᠠᠮ ᠤᠨ ᠲᠠᠭᠠᠯᠳᠠ ᠵᠠᠮ᠂ ᠲᠧᠩ ᠹᠸᠢ | ᠡᠮᠦᠨ᠎ᠡ ᠵᠠᠮ ᠢᠶᠠᠷ ᠥᠩᠭᠡᠷᠡᠵᠦ᠂ ᠲᠠᠬᠢᠨ ᠷᠦ᠋ ᠢ ᠠᠭᠤᠳᠠᠮ ᠲᠠᠯᠠᠪᠠᠢ ᠳᠤ ᠪᠠᠨ ᠪᠤᠴᠠᠵᠤ ᠢᠷᠡᠪᠡ᠂ ᠪᠦᠬᠦ ᠵᠠᠮ ᠤᠨ | ᠤᠷᠳᠤ ᠨᠢ 10 ᠺᠢᠯᠦᠮᠧᠲᠷ ᠪᠣᠯᠤᠨ᠎ᠠ᠃ | ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ | ᠬᠤᠷᠢᠶ᠎ᠠ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠰᠦᠯᠵᠢᠶ᠎ᠡ ᠶᠢᠨ ᠥᠪᠥᠷ | ᠮᠣᠩᠭᠤᠯ ᠤᠨ ᠰᠤᠪᠠᠭ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠬᠠᠮᠵᠢᠯᠴᠠᠨ ᠡᠷᠭᠢᠯᠡᠵᠦ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ | ᠬᠥᠬᠡᠬᠤᠲᠠ ᠶᠢᠨ ᠰᠣᠶᠣᠯ ᠪᠠ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠬᠥᠬᠡᠬᠤᠲᠠ ᠶᠢᠨ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠳᠠᠭᠠᠭᠠᠴᠢᠯᠠᠨ ᠡᠷᠭᠢᠯᠡᠪᠡ᠃ | ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠵᠥᠪᠯᠡᠯ | ᠠᠯᠪᠠᠨ ᠬᠡᠷ ᠲᠢᠩᠬᠢᠮ ᠲᠣᠪᠴᠢᠶ᠎ᠠ᠂ ᠬᠥᠬᠡᠬᠤᠲᠠ ᠶᠢᠨ ᠳᠥᠷᠪᠡᠨ ᠶᠡᠭᠡ ᠤᠳᠤᠷᠢᠳᠬᠤ ᠪᠠᠭ᠂ ᠥᠪᠡᠷᠲᠡᠭᠡᠨ ᠵᠠᠰᠠᠬᠤ | ᠣᠷᠣᠨ ᠳᠤ ᠰᠠᠭᠤᠭ᠎ᠠ ᠲᠥᠪ ᠤᠨ ᠨᠢᠭᠡᠴᠡ ᠶᠢᠨ ᠬᠠᠮᠢᠶ᠎ᠠ ᠪᠥᠬᠦᠶ ᠤᠳᠤᠷᠢᠳᠤᠯᠭ᠎ᠠ ᠬᠠᠯᠠᠭᠤᠨ ᠢᠶᠠᠷ ᠲᠡᠮᠵᠢᠭᠰᠡᠨ | ᠪᠦᠭᠡᠳ ᠤᠷᠤᠯᠴᠠᠵᠠᠶ᠃ ᠰᠦᠯᠵᠢᠶᠡᠨ ᠳᠡᠭᠡᠷ᠎ᠡ ᠬᠠᠷᠢᠯᠴᠠᠨ ᠦᠢᠯᠡᠳᠦᠯᠴᠡᠬᠦ ᠳᠤ 2300 ᠭᠠᠷᠤᠶ ᠬᠤᠪᠢ ᠬᠥᠮᠦᠨ | ᠨᠡᠷ᠎ᠡ ᠮᠡᠳᠡᠭᠦᠯᠵᠦ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠂ ᠶᠡᠭᠡ ᠳᠡᠭᠡᠳᠦ ᠰᠤᠷᠭᠠᠭᠤᠯᠢ ᠵᠡᠷᠭᠡ ᠪᠦᠯᠬᠦᠮ ᠤᠨ ᠪᠠᠷᠤᠭ 2400 ᠬᠥᠮᠦᠨ ᠨᠡᠷ᠎ᠡ ᠮᠡᠳᠡᠭᠦᠯᠵᠡᠶ᠃ | ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠪᠠ ᠥᠪᠡᠷᠲᠡᠭᠡᠨ ᠵᠠᠰᠠᠬᠤ ᠣᠷᠣᠨ | ᠵᠢᠴᠢ ᠬᠤᠲᠠ ᠶᠢᠨ ᠱᠠᠲᠤᠨ ᠤ 30 ᠭᠠᠷᠤᠶ ᠵᠠᠭᠤᠴᠢᠯᠠᠭᠤᠷ ᠲᠣᠰ ᠤᠳᠠᠭᠠᠨ ᠤ ᠠᠵᠢᠯᠯᠠᠭ᠎ᠠ ᠶᠢ ᠮᠡᠳᠡᠭᠡᠯᠡᠵᠦ | ᠤᠬᠠᠭᠤᠯᠪᠠ᠃ | ᠠᠷᠠᠳ ᠤᠨ ᠰᠦᠯᠵᠢᠶ᠎ᠡ ᠶᠢᠨ ᠰᠠᠨᠠᠭᠠᠴᠢᠯᠠᠬᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠴᠢᠬᠤᠯᠠ | ᠨᠠᠷᠠᠲᠤ ᠲᠡᠮᠳᠡᠭ ᠤᠨ ᠠᠵᠢᠯᠯᠠᠭ᠎ᠠ ᠪᠣᠯᠤᠭᠰᠠᠨ ᠤ ᠬᠤᠪᠢ ᠳᠤ᠂ 2016 ᠣᠨ ᠤ 12 ᠰᠠᠷ᠎ᠠ ᠶᠢᠨ 31 ᠤ ᠡᠳᠦᠷ᠂ | ᠠᠩᠬᠠᠳᠤᠭᠠᠷ ᠬᠤᠭᠤᠴᠠᠭᠠᠨ ᠤ ᠮᠢᠩᠭᠠᠨ ᠬᠥᠮᠦᠨ ᠤ ᠶᠠᠪᠠᠭᠠᠨ ᠢᠶᠠᠷ ᠠᠯᠬᠤᠬᠤ ᠰᠢᠨ᠎ᠡ ᠵᠢᠯ ᠢᠶᠠᠨ ᠤᠭᠲᠤᠬᠤ | ᠠᠵᠢᠯᠯᠠᠭ᠎ᠠ ᠪᠥᠬᠦ ᠤᠯᠤᠰ ᠤᠨ 55 ᠬᠤᠲᠠ ᠳᠤ ᠵᠡᠷᠭᠡᠪᠡᠷ ᠶᠠᠪᠤᠭᠳᠠᠵᠤ᠂ ᠬᠡᠪᠴᠢᠶ᠎ᠡ ᠨᠢ ᠦᠪᠡᠳᠡᠭᠰᠢ ᠶᠡᠭᠡ᠂ | ᠨᠥᠯᠥᠭᠡ ᠪᠠᠷ ᠭᠦᠨ ᠭᠦᠨᠵᠡᠭᠡᠶ ᠪᠣᠯᠵᠠᠶ᠃ ᠠᠷᠠᠳ ᠤᠨ ᠡᠳᠦᠷ ᠤᠨ ᠰᠣᠨᠢᠨ᠂ ᠠᠷᠠᠳ ᠤᠨ ᠰᠦᠯᠵᠢᠶ᠎ᠡ ᠵᠡᠷᠭᠡ | ᠲᠥᠪ ᠤᠨ ᠪᠠ ᠣᠷᠣᠨ ᠨᠤᠲᠤᠭ ᠤᠨ ᠣᠯᠠᠨ ᠵᠠᠭᠤᠴᠢᠯᠠᠭᠤᠷ ᠤᠨ ᠬᠢᠨ ᠬᠠᠷᠢᠯᠴᠠᠨ ᠦᠢᠯᠡᠳᠦᠯᠴᠡᠨ ᠤᠬᠠᠭᠤᠯᠵᠤ᠂ | ᠳᠠᠮᠵᠢᠭᠤᠯᠭ᠎ᠠ ᠶᠢᠨ ᠬᠦᠴᠦᠨ᠂ ᠨᠥᠯᠥᠭᠡᠯᠡᠬᠦ ᠬᠦᠴᠦᠨ ᠨᠢ ᠤᠯᠠᠮ ᠠᠴᠠ ᠤᠯᠠᠮ ᠦᠷᠭᠡᠵᠢᠵᠦ ᠪᠠᠶᠢᠨ᠎ᠠ᠃ ︽ | ᠦᠵᠡᠰᠬᠦᠯᠡᠩᠲᠦ ᠰᠠᠶᠢᠬᠠᠨ ᠬᠥᠬᠡᠬᠤᠲᠠ ᠳᠤ ᠪᠣᠯᠵᠣᠵᠤ᠂ ᠲᠠᠯ᠎ᠠ ᠨᠤᠲᠤᠭ ᠤᠨ ᠲᠦᠪ ᠬᠤᠲᠠ ᠶᠢ ᠶᠠᠪᠠᠭᠠᠨ ᠢᠶᠠᠷ | ᠲᠤᠭᠤᠷᠢᠬᠤ︾ ᠰᠢᠨ᠎ᠡ ᠵᠢᠯ ᠢᠶᠠᠨ ᠤᠭᠲᠤᠬᠤ ᠠᠵᠢᠯᠯᠠᠭ᠎ᠠ ᠨᠢ ᠠᠷᠠᠳ ᠤᠨ ᠰᠦᠯᠵᠢᠶ᠎ᠡ ᠪᠣᠯᠤᠨ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠬᠠᠮᠲᠤᠷᠠᠨ ᠭᠠᠷᠭᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠴᠢᠬᠤᠯᠠ | ᠨᠠᠷᠠᠲᠤ ᠲᠡᠮᠳᠡᠭ ᠤᠨ ᠠᠵᠢᠯᠯᠠᠭ᠎ᠠ ᠪᠣᠯᠤᠭᠰᠠᠨ ᠤ ᠬᠤᠪᠢ ᠳᠤ ᠨᠢᠭᠡᠨᠲᠡ ᠳᠥᠷᠪᠡᠨ ᠬᠤᠭᠤᠴᠠᠭ᠎ᠠ ᠠᠮᠵᠢᠯᠲᠠ ᠲᠠᠢ | ᠶᠠᠪᠤᠭᠳᠠᠪᠠ᠃ ᠳᠥᠷᠪᠡᠨ ᠵᠢᠯ ᠤᠨ ᠲᠤᠷᠰᠢ᠂ ᠨᠡᠶᠢᠲᠡ 2 ᠲᠦᠮᠡ ᠭᠠᠷᠤᠶ ᠬᠥᠮᠦᠨ ᠣᠷᠣᠯᠴᠠᠵᠤ᠂ ᠲᠥᠪ ᠶᠢᠨ ᠪᠠ | ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠱᠠᠲᠤᠨ ᠤ 30 ᠭᠠᠷᠤᠶ ᠵᠠᠭᠤᠴᠢᠯᠠᠭᠤᠷ ᠬᠠᠮᠲᠤᠷᠠᠨ ᠠᠵᠢᠯᠯᠠᠪᠠ᠃ | ᠬᠥᠬᠡᠬᠤᠲᠠ ᠶᠢᠨ ᠬᠤᠲᠠ ᠶᠢᠨ ᠬᠥᠭᠵᠢᠯᠲᠡ ᠶᠢ ᠳᠠᠭᠠᠯᠳᠤᠨ᠂ ᠬᠥᠬᠡᠬᠤᠲᠠ ᠶᠢᠨ 300 ᠭᠠᠷᠤᠶ ᠲᠦᠮᠡᠨ ᠠᠷᠠᠳ | ᠲᠦᠮᠡᠨ ︽ᠡᠷᠡᠭᠦᠯ ᠮᠡᠨᠳᠦ ᠶᠢᠨ ᠢᠶᠠᠨ ᠲᠥᠯᠥᠭᠡ ᠬᠤᠪᠢ ᠨᠡᠮᠡᠵᠦ᠂ ᠬᠥᠬᠡᠬᠤᠲᠠ ᠶᠢᠨ ᠢᠶᠠᠨ ᠲᠥᠯᠥᠭᠡ | ᠤᠤᠬᠠᠶᠢᠯᠠᠬᠤ︾ ᠦᠵᠡᠰᠬᠦᠯᠡᠩᠲᠦ ᠰᠠᠶᠢᠬᠠᠨ ᠦᠡᠭᠭᠡ ᠦᠵᠡᠮᠵᠢ ᠶᠢ ᠪᠦᠷᠢᠯᠳᠦᠭᠦᠯᠵᠠᠢ᠃ | ᠲᠣᠰ ᠬᠤᠭᠤᠴᠠᠭᠠᠨ ᠤ ᠠᠵᠢᠯᠯᠠᠭ᠎ᠠ ᠶᠢ ᠥᠩᠭᠡᠷᠡᠭᠰᠡᠨ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠬᠡᠪ | ᠪᠠᠷᠢᠮᠵᠢᠶ᠎ᠠ ᠨᠢ ᠨᠠᠩ ᠥᠨᠳᠥᠷ᠂ ᠬᠡᠪᠴᠢᠶ᠎ᠡ ᠨᠢ ᠨᠠᠩ ᠶᠡᠭᠡ᠂ ᠵᠠᠮ ᠱᠤᠭᠤᠮ ᠨᠢ ᠨᠠᠩ ᠰᠢᠯᠢᠳᠡᠭᠵᠢᠵᠦ᠂ | ᠬᠥᠬᠡᠬᠤᠲᠠ ᠶᠢᠨ ᠰᠢᠨ᠎ᠡ ᠳᠦᠷᠰᠦ ᠪᠠᠶᠢᠳᠠᠯ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠢᠯᠠᠰᠵᠢᠯ ᠢ | ᠪᠥᠬᠦ ᠲᠠᠯ᠎ᠠ ᠪᠠᠷ ᠳᠡᠯᠭᠡᠨ ᠦᠵᠡᠭᠦᠯᠵᠡᠶ᠃ ᠠᠵᠢᠯᠯᠠᠭ᠎ᠠ ᠨᠢ ᠪᠠᠰᠠ ᠬᠥᠬᠡᠬᠤᠲᠠ ᠶᠢᠨ ᠶᠢᠨ ᠬᠦ᠋ ᠲᠠᠷᠢᠶᠠᠯᠠᠩ | ᠬᠤᠳᠠᠯᠳᠤᠭᠠᠨ ᠤ ᠪᠠᠩᠬᠢ᠂ ᠲᠢᠶᠠᠨ ᠹᠠᠩ ᠬᠤᠪᠢ ᠡᠵᠡᠮᠳᠡᠭᠰᠡᠨ ᠪᠦᠯᠦᠭᠯᠡᠯ᠂ ᠪᠢ ᠬᠦᠢ ᠶᠦ᠋ᠧᠠᠨ ᠵᠡᠷᠭᠡ ᠨᠢᠭᠡᠴᠡ | ᠪᠣᠯᠤᠨ ᠠᠵᠤ ᠠᠬᠤᠶᠢᠯᠠᠯ ᠤᠨ ᠳᠡᠮᠵᠢᠯᠭᠡ ᠶᠢ ᠤᠯᠪᠠ᠃ ᠠᠷᠠᠳ ᠤᠨ ᠰᠦᠯᠵᠢᠶ᠎ᠡ ᠬᠡᠷᠡᠯ ᠵᠢᠷᠤᠭ ᠦᠰᠦᠭ ᠪᠢᠴᠢᠭ᠂ | ᠬᠠᠷᠠᠭᠠᠨ ᠳᠠᠪᠲᠠᠮᠵᠢ ᠵᠡᠷᠭᠡ ᠬᠠᠮ ᠵᠠᠭᠤᠴᠢᠯᠠᠭᠤᠷ ᠤᠨ ᠮᠡᠳᠡᠭᠡᠯᠡᠬᠦ ᠬᠡᠯᠪᠡᠷᠢ ᠪᠠᠷ ᠬᠥᠬᠡᠬᠤᠲᠠ ᠶᠢᠨ ᠰᠠᠶᠢᠨ ᠰᠠᠶᠢᠬᠠᠨ | ᠥᠯᠢᠭᠡᠷ ᠢ ᠰᠠᠶᠢᠬᠠᠨ ᠶᠠᠷᠢᠵᠤ᠂ ᠣᠷᠣᠨ ᠤ ᠲᠥᠪ ᠤᠨ ᠢᠳᠡᠪᠬᠢ ᠬᠦᠴᠦᠨ ᠢ ᠰᠠᠶᠢᠲᠤᠷ ᠤᠯᠠᠮᠵᠢᠯᠠᠵᠤ᠂ | ᠬᠥᠬᠡᠬᠤᠲᠠ ᠶᠢᠨ ᠨᠠᠷᠠᠲᠤ ᠲᠡᠮᠳᠡᠭ ᠤᠨ ᠤᠬᠠᠭᠤᠯᠭ᠎ᠠ ᠳᠤ ᠰᠢᠨ᠎ᠡ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ | ᠣᠷᠴᠢᠮ ᠤᠨ ᠵᠢᠯ ᠤᠳ ᠲᠤ᠂ ᠬᠥᠬᠡᠬᠤᠲᠠ ᠨᠢ ᠲᠥᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠡᠯ᠎ᠡ ᠵᠦᠢᠯ ᠤᠨ ᠰᠢᠢᠳᠪᠦᠷᠢᠳᠦ | ᠪᠣᠳᠣᠯᠭ᠎ᠠ ᠪᠠᠶᠢᠷᠢᠯᠠᠭᠤᠯᠤᠯᠲᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢ ᠲᠦᠷᠭᠡᠳᠬᠡᠬᠦ ᠶᠢᠨ ᠬᠠᠮᠲᠤ ᠪᠡᠶ᠎ᠡ ᠶᠢᠨ ᠲᠠᠮᠢᠷ ᠤᠨ ᠠᠵᠢᠯ ᠤᠨ ᠣᠷᠣᠭᠤᠯᠤᠯᠲᠠ ᠶᠢᠨ ᠡᠷᠴᠢᠮ ᠢ | ᠲᠠᠰᠤᠷᠠᠯᠲᠠ ᠴᠢᠩᠭᠠᠷᠠᠭᠤᠯᠵᠤ᠂ ︽ᠨᠢᠭᠡ ᠱᠤᠭᠤᠮ ᠬᠤᠶᠠᠷ ᠪᠦᠰᠡ︾ ᠶᠢᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠣᠤᠷ ᠰᠦᠯᠵᠢᠶ᠎ᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠭᠤᠤᠯᠳᠠᠯᠭ᠎ᠠ ᠪᠤᠯᠭᠠᠨ | ᠂ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠤ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠬᠦᠯᠵᠦ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠦᠷᠭᠡᠨ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠦ | ᠪᠠᠶᠢᠨ᠎ᠠ᠃ ︵ᠹᠦ᠋ ᠯᠢ ᠵᠢᠦᠧᠠᠨ︶ | http://mongol.people.com.cn/15833956.html |