ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠭᠤᠷᠪᠠᠨ ᠵᠢᠯ ᠤᠨ ᠲᠤᠰᠬᠠᠶ ᠲᠡᠮᠡᠴᠡᠯ ᠴᠢᠬᠤᠯᠠ ᠶᠡᠭᠡ ᠠᠮᠵᠢᠯᠲᠠ ᠣᠯᠪᠠ
ᠨᠡᠶᠢᠲᠡᠯᠡᠭᠰᠡᠨ ᠴᠠᠭ᠄
2020/12/29
       ᠥᠪᠥᠷ ᠮᠣᠩᠭᠤᠯ ᠤᠨ ᠡᠳᠦᠷ ᠤᠨ ᠰᠣᠨᠢᠨ ᠤ 12 ᠰᠠᠷ᠎ᠠ ᠶᠢᠨ 27 ᠤ ᠡᠳᠦᠷ ᠤᠨ ᠮᠡᠳᠡᠭᠡ ︵ᠰᠤᠷᠪᠤᠯᠵᠢᠯᠠᠭᠴᠢ ᠳ᠋ᠠᠶ ᠬᠤᠩ   ᠴᠧᠨ ᠴᠦᠨ ᠶᠠᠨ︶ 2018 ᠣᠨ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠲᠡᠭᠦᠨ ᠤ ︽ᠬᠠᠮᠠᠭᠠᠯᠠᠭᠴᠢ︾ ᠳᠤ ᠡᠷᠡᠰ ᠴᠣᠬᠢᠯᠲᠠ ᠥᠭᠭᠦᠭᠡᠳ ᠴᠢᠬᠤᠯᠠ ᠶᠡᠭᠡ ᠠᠮᠵᠢᠯᠲᠠ ᠣᠯᠵᠠᠶ᠃ ᠪᠥᠬᠦ ᠣᠷᠣᠨ ᠨᠢ ᠬᠠᠷ᠎ᠠ ᠪᠦᠯᠦᠭᠲᠡᠨ ᠳᠤ ᠬᠤᠯᠪᠣᠭᠳᠠᠭᠰᠠᠨ 63 ᠵᠣᠬᠢᠶᠠᠨ ᠪᠠᠶᠢᠭᠤᠯᠤᠯᠲᠠ᠂ ᠬᠠᠷᠭᠢᠰ ᠬᠦᠴᠦᠨ ᠳᠤ ᠬᠤᠯᠪᠣᠭᠳᠠᠭᠰᠠᠨ 1125 ᠪᠦᠯᠦᠭᠯᠡᠯ ᠢ ᠴᠣᠬᠢᠨ ᠤᠨᠠᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 10996 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠨᠡᠶᠢᠭᠡᠮ ᠤᠨ ᠠᠮᠢ ᠠᠬᠤᠶ ᠂ ᠤᠯᠤᠰ ᠲᠥᠷᠥ ᠶᠢᠨ ᠠᠮᠢ ᠠᠬᠤᠶ ᠪᠣᠯᠤᠨ ᠠᠵᠤ ᠠᠬᠤᠶ ᠶᠢᠨ ᠠᠮᠢ ᠠᠬᠤᠶ ᠪᠥᠬᠦ ᠲᠠᠯ᠎ᠠ ᠪᠠᠷ ᠰᠠᠶᠢᠵᠢᠷᠠᠬᠤ ᠶᠢ ᠬᠦᠴᠦᠲᠡᠶ ᠠᠬᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠶᠡᠬᠡᠪᠡᠷ ᠨᠡᠮᠡᠭᠳᠡᠭᠦᠯᠪᠡ᠃       ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠷᠢᠯᠠᠭᠤᠯᠤᠨ ᠥᠷᠨᠢᠭᠦᠯᠬᠦ ᠲᠥᠪᠯᠡᠷᠡᠩᠭᠦᠢ ᠵᠠᠷᠯᠢᠭ ᠪᠠᠭᠤᠯᠭᠠᠭᠰᠠᠨ ᠤ ᠳᠠᠷᠠᠭ᠎ᠠ᠂ ᠮᠠᠨ ᠤ ᠣᠷᠣᠨ ︽ᠲᠠᠪᠤᠨ ᠱᠠᠲᠤᠨ ᠤ ᠱᠦᠵᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠠᠳᠬᠤᠬᠤ︾᠂ ︽ᠴᠡᠭ ᠬᠡᠰᠡᠭ ᠢ ᠳᠠᠭᠠᠭᠠᠴᠢᠯᠠᠨ ᠬᠠᠷᠢᠯᠴᠠᠬᠤ︾ ᠵᠡᠷᠭᠡ ᠠᠵᠢᠯ ᠤᠨ ᠲᠣᠭᠲᠠᠴᠠ ᠶᠢ ᠦᠳᠲᠡᠷ ᠲᠦᠷᠭᠡᠨ ᠪᠠᠶᠢᠭᠤᠯᠵᠤ᠂ ᠭᠤᠣᠯ ᠬᠠᠷᠢᠭᠤᠴᠠᠯᠭᠠᠲᠠᠨ ᠡᠮᠦᠨ᠎ᠡ ᠹᠷᠣᠨᠲ ᠲᠤ ᠰᠠᠭᠤᠵᠤ᠂ ᠲᠦᠷᠦᠭᠦᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠪᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠭᠤᠤᠯᠳᠠᠯᠭ᠎ᠠ ᠲᠠᠢ ᠭᠠᠵᠠᠷ ᠣᠷᠣᠨ ᠢ ᠰᠢᠭᠤᠳ ᠳᠠᠭᠠᠭᠠᠴᠢᠯᠠᠨ ᠬᠠᠷᠢᠯᠴᠠᠵᠤ᠂ ᠭᠤᠤᠯᠳᠠᠯᠭ᠎ᠠ ᠲᠠᠢ ᠬᠡᠷᠡᠭ ᠢ ᠫᠠᠶᠢᠰᠠ ᠡᠯᠭᠦᠨ ᠰᠢᠪᠠᠳᠠᠨ ᠰᠢᠢᠳᠪᠦᠷᠢᠯᠡᠭᠰᠡᠨ ᠪᠠ ᠭᠤᠤᠯᠳᠠᠯᠭ᠎ᠠ ᠲᠠᠢ ᠰᠦᠪᠡᠭᠴᠢ ᠶᠢ ᠡᠮᠬᠢᠯᠡᠨ ᠳᠢᠭᠯᠡᠵᠦ᠂ 147 ᠭᠤᠤᠯᠳᠠᠯᠭ᠎ᠠ ᠲᠠᠢ ᠬᠡᠷᠡᠭ ᠢ ᠨᠢᠭᠡᠨᠲᠡ ᠫᠠᠶᠢᠰᠠ ᠡᠯᠭᠦᠨ ᠰᠢᠪᠠᠳᠠᠨ  ᠰᠢᠢᠳᠪᠦᠷᠢᠯᠡᠬᠦᠯᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠷᠢᠳ ᠬᠤᠵᠢᠳ 350 ᠭᠠᠷᠤᠢ ᠬᠥᠮᠦᠨ ᠢ ᠰᠣᠩᠭᠤᠨ 22 ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠭᠤᠷᠪᠠᠨ ᠡᠭᠡᠯᠵᠢ ᠶᠢᠨ ᠲᠤᠰᠬᠠᠢ ᠱᠠᠯᠠᠪᠳᠠᠭᠤᠯᠤᠨ ᠵᠢᠯᠣᠭᠤᠳᠬᠤ ᠠᠵᠢᠯ ᠥᠷᠨᠢᠭᠦᠯᠵᠦ᠂ ᠴᠠᠭ ᠲᠤᠨᠢ ᠲᠤᠬᠢᠷᠠᠭᠤᠯᠤᠨ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠨᠢᠭᠡ ᠪᠦᠯᠦᠭ ᠬᠦᠨᠳᠦ ᠶᠡᠭᠡ ᠬᠡᠷᠡᠭ ᠢ ᠳᠡᠩᠨᠡᠨ ᠰᠢᠢᠳᠪᠦᠷᠢᠯᠡᠵᠦ ᠰᠢᠭᠦᠨ ᠲᠠᠰᠤᠯᠬᠤ ᠶᠢ ᠠᠬᠢᠭᠤᠯᠪᠠ᠃       ᠭᠤᠷᠪᠠᠨ ᠵᠢᠯ ᠤᠨ ᠲᠤᠷᠰᠢ᠂ ᠮᠠᠨ ᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠬᠠᠤᠯᠢ ᠶᠣᠰᠣᠭᠠᠷ ᠴᠢᠩᠭ᠎ᠠ ᠰᠢᠳᠭᠡᠬᠦ ᠥᠨᠳᠥᠷ ᠳᠠᠷᠤᠯᠲᠠᠲᠤ ᠪᠠᠶᠢᠳᠠᠯ ᠢ ᠪᠠᠳᠤᠯᠠᠵᠤ᠂ ᠪᠦᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠫᠠᠶᠢᠰᠠ ᠡᠯᠭᠦᠭᠰᠡᠨ ᠬᠡᠷᠡᠭ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠶᠡᠭᠡ ᠬᠡᠷᠡᠭ ᠴᠢᠬᠤᠯᠠ ᠬᠡᠷᠡᠭ ᠤᠨ ᠪᠣᠭᠤᠮᠲᠠ ᠰᠢᠪᠲᠤᠯᠬᠤ ᠠᠵᠢᠯ ᠢ ᠴᠢᠩᠭ᠎ᠠ ᠠᠳᠬᠤᠪᠠ᠃ ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ᠂ ᠵᠠᠭᠠᠯᠳᠤᠬᠤ ᠪᠠ ᠰᠢᠭᠦᠨ ᠲᠠᠰᠤᠯᠬᠤ ᠶᠢ ᠨᠢᠭᠡᠳᠦᠯᠲᠡᠢ ᠪᠠᠶᠢᠯᠭᠠᠬᠤ ᠶᠢ ᠬᠦᠴᠦ ᠪᠠᠨ ᠲᠥᠪᠯᠡᠷᠡᠭᠦᠯᠦᠨ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠯᠤᠭ᠎ᠠ ᠶᠢᠨ ᠵᠤᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠬᠦᠨᠳᠦ ᠶᠡᠭᠡ ᠬᠡᠷᠡᠭ ᠲᠤ ︽ᠭᠤᠷᠪᠠ ᠶᠢ ᠵᠡᠷᠭᠡ ᠪᠠᠷ ᠬᠢᠬᠦ︾᠂ ︽ᠭᠤᠷᠪᠠ ᠶᠢ ᠤᠷᠢᠳ ᠢᠶᠠᠷ ᠬᠢᠬᠦ︾ ᠵᠠᠷᠴᠢᠮ ᠢ 100% ᠪᠠᠷ ᠨᠠᠶᠢᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ︽ᠬᠠᠮᠠᠭᠠᠯᠠᠭᠴᠢ︾ ᠳᠤ ᠴᠣᠬᠢᠯᠲᠠ ᠥᠭᠬᠦ ᠶᠢ ᠬᠠᠷᠢᠯᠴᠠᠨ ᠲᠤᠯᠭᠠᠭᠤᠷᠢᠯᠠᠵᠤ᠂ ᠬᠠᠮᠵᠢᠯᠴᠠᠭᠤᠯᠤᠨ ᠠᠬᠢᠭᠤᠯᠪᠠ᠃ ᠪᠣᠳᠠᠲᠠᠶ ᠠᠵᠢᠯᠯᠠᠭᠠᠨ ᠤ ᠳᠤᠮᠳᠠ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ︽ᠨᠢᠭᠡ ᠬᠥᠯᠭᠡ ᠰᠢᠲᠠᠷ᠎ᠠ︾ ᠮᠡᠳᠦ  ᠪᠠᠶᠢᠬᠤ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠠᠳᠠᠯᠢ ᠴᠢᠭᠯᠡᠯ ᠢᠶᠠᠷ ᠬᠦᠴᠦᠯᠡᠵᠦ᠂ ᠬᠠᠮᠵᠢᠯᠴᠠᠨ ᠪᠠᠶᠢᠯᠳᠤᠬᠰᠠᠨ ᠢᠶᠠᠷ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃       ︽ᠬᠠᠮᠠᠭᠠᠯᠠᠭᠴᠢ ᠳᠤ ᠴᠤᠬᠢᠯᠳᠡ ᠦᠭᠴᠦ ᠬᠠᠷᠢᠴᠠᠭᠠᠨ ᠤ ᠲᠣᠣᠷ ᠢ ᠡᠪᠳᠡᠬᠦ︾ ᠶᠢ ᠡᠷᠡᠰ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠪᠠ᠃ ︽ᠬᠠᠮᠠᠭᠠᠯᠠᠭᠴᠢ︾ ᠬᠠᠷᠢᠯᠴᠠᠨ ᠨᠢᠭᠡ ᠶᠢ ᠪᠠᠨ ᠬᠠᠮᠠᠭᠠᠯᠠᠬᠤ᠂ ᠳᠡᠭᠡᠳᠦ ᠳᠣᠤᠷᠠᠳᠤ ᠱᠠᠲᠤᠨ ᠤ ᠬᠢᠨ ᠰᠦᠯᠪᠡᠭᠡᠯᠡᠬᠦ᠂ ︽ᠶᠡᠭᠡ ᠬᠠᠮᠠᠭᠠᠯᠠᠭᠴᠢ︾  ᠶᠢ ᠤᠨᠠᠭᠠᠬᠤ ᠥᠬᠡᠶ ᠪᠤᠯ ︽ᠪᠠᠭ᠎ᠠ ᠬᠠᠮᠠᠭᠠᠯᠠᠭᠴᠢ︾ ᠶᠢ ᠨᠢ ᠪᠠᠶᠢᠴᠠᠭᠠᠬᠤ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠶᠢᠯᠠᠩ ᠨᠢ ᠲᠡᠮᠡᠴᠡᠯ ᠤᠨ ᠠᠷᠭ᠎ᠠ ᠪᠣᠳᠣᠯᠭ᠎ᠠ ᠳᠠᠭᠠᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ︽ᠬᠤᠯᠠᠭᠠᠶ ᠶᠢ ᠪᠠᠷᠢᠬᠤ ᠳᠤ ᠲᠦᠷᠦᠭᠦᠤ ᠶᠢ ᠨᠢ ᠪᠠᠷᠢᠬᠤ︾᠂ ︽ᠮᠣᠭᠠᠶ ᠶᠢ ᠴᠣᠬᠢᠬᠤ ᠳᠤ ᠠᠮᠢᠨ ᠭᠠᠵᠠᠷ ᠢ ᠨᠢ ᠴᠤᠬᠢᠬᠤ︾  ᠠᠷᠭ᠎ᠠ   ᠶᠢ ᠠᠪᠴᠤ᠂ ︽ᠶᠡᠭᠡ ᠬᠠᠮᠠᠭᠠᠯᠠᠭᠴᠢ︾  ᠶᠢ ᠮᠠᠯᠲᠠᠬᠤ ᠪᠠᠷ ᠲᠠᠮᠵᠢᠭᠠᠳ ︽ᠪᠠᠭ᠎ᠠ ᠬᠠᠮᠠᠭᠠᠯᠠᠭᠴᠢ︾ ᠶᠢ ᠢᠯᠡᠷᠡᠬᠦᠯᠵᠦ᠂ ᠡᠯ᠎ᠡ ᠲᠥᠷᠥᠯ ᠤᠨ ︽ᠬᠠᠮᠠᠭᠠᠯᠠᠭᠴᠢ︾ ᠶᠢ ᠦᠨᠳᠦᠰᠦ ᠪᠠᠷ ᠨᠢ ᠠᠷᠢᠯᠭᠠᠪᠠ᠃ ᠣᠳᠣᠬᠠᠨ ᠪᠣᠯᠲᠠᠯ᠎ᠠ᠂ ᠪᠥᠬᠦ ᠣᠷᠣᠨ ᠳᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠠᠷᠠᠯ ᠪᠠ ᠬᠠᠮᠠᠭᠠᠯᠠᠭᠴᠢ ᠶᠢᠨ 1594 ᠠᠰᠠᠭᠤᠳᠠᠯ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ 2450 ᠬᠥᠮᠦᠨ ᠳᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠳᠬᠡᠯ ᠥᠭᠴᠦ᠂ 234 ᠬᠥᠮᠦᠨ ᠢ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠪᠡ᠃ ᠡᠭᠦᠨ ᠠᠴᠠ ᠭᠠᠳᠠᠨ᠎ᠠ᠂ ᠲᠥᠪ ᠠᠴᠠ ᠫᠠᠶᠢᠰᠠ ᠡᠯᠭᠦᠨ ᠰᠢᠪᠠᠳᠠᠨ ᠰᠢᠢᠳᠪᠦᠷᠢᠯᠡᠬᠦᠯᠵᠦ ᠪᠠᠶᠢᠭ᠎ᠠ ︽ᠸᠠᠩ ᠶᠦᠨ ᠬᠤᠩ ᠤᠨ ᠬᠡᠷᠡᠭ︾ ᠲᠤ ᠢᠯᠡᠷᠡᠨ ᠭᠠᠷᠤᠬᠰᠠᠨ ᠲᠣᠭᠲᠠᠭᠠᠯ ᠢ ᠵᠥᠷᠢᠴᠡᠨ ᠡᠷᠡᠭᠦᠤ ᠰᠢᠳᠬᠡᠯ ᠢ ᠨᠢ ᠬᠠᠰᠤᠬᠤ᠂ ᠲᠠᠩᠰᠠᠨ ᠰᠤᠯᠠᠯᠠᠬᠤ᠂ ᠲᠦᠷ ᠭᠢᠨᠳᠠᠨ ᠤ ᠭᠠᠳᠠᠨ᠎ᠠ ᠬᠦᠢᠴᠡᠳᠭᠡᠬᠦ ᠠᠰᠠᠭᠤᠳᠠᠯ ᠳᠤ ᠴᠢᠭᠯᠡᠭᠦᠯᠦᠨ᠂ ᠪᠥᠬᠦ ᠣᠷᠣᠨ ᠤ ᠬᠡᠪᠴᠢᠶᠡᠨ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢ ᠴᠡᠪᠡᠷᠰᠢᠭᠦᠯᠵᠦ᠂ ᠡᠷᠡᠭᠦᠤ ᠰᠢᠳᠬᠡᠯ ᠢ ᠬᠦᠢᠴᠡᠳᠭᠡᠬᠦ ᠢᠲᠡᠭᠡᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠪᠡ᠃       ᠪᠥᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠨᠢ ︽ᠵᠢᠷᠭᠤᠭ᠎ᠠ ᠶᠢ ᠴᠡᠪᠡᠷᠯᠡᠬᠦ︾ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠰᠦᠪᠡᠭᠴᠢ ᠶᠢ ᠴᠡᠪᠡᠷᠯᠡᠬᠦ᠂ ᠬᠡᠷᠡᠭ ᠢ ᠴᠡᠪᠡᠷᠯᠡᠬᠦ᠂ ᠣᠷᠭᠤᠳᠦᠦᠯ ᠬᠡᠷᠡᠭᠲᠡᠨ ᠢ ᠴᠡᠪᠡᠷᠯᠡᠬᠦ᠂ ᠬᠠᠷ᠎ᠠ ᠡᠳ᠋ ᠬᠥᠷᠥᠩᠭᠡ ᠶᠢ ᠴᠡᠪᠡᠷᠯᠡᠬᠦ᠂ ︽ᠬᠠᠮᠠᠭᠠᠯᠠᠭᠴᠢ︾ ︽ᠲᠣᠤᠷ︾ ᠢ ᠴᠡᠪᠡᠷᠯᠡᠬᠦ᠂ ᠠᠵᠢᠯ ᠲᠥᠷᠥᠯ ᠤᠨ ᠡᠬᠢ ᠰᠤᠷᠪᠤᠯᠵᠢ ᠶᠢ ᠴᠡᠪᠡᠷᠯᠡᠬᠦ ᠶᠢ ᠪᠥᠬᠦ ᠬᠦᠴᠦᠨ ᠢᠶᠠᠷ ᠠᠬᠢᠭᠤᠯᠤᠭᠠᠳ ᠢᠯᠡᠳᠲᠡ ᠦᠷ᠎ᠡ ᠪᠦᠲᠦᠮᠵᠢ ᠤᠯᠪᠠ᠃ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠬᠡᠷ ᠤᠨ ᠬᠢᠨ ᠠᠵᠢᠯᠯᠠᠬᠤ ᠳᠤᠭᠤᠶᠢᠯᠠᠩ ᠲᠣᠮᠢᠯᠠᠨ ᠠᠶᠢᠮᠠᠭ ᠬᠤᠲᠠ ᠳᠤ ᠣᠴᠢᠭᠤᠯᠵᠤ᠂ ᠭᠤᠤᠯᠳᠠᠯᠭ᠎ᠠ ᠲᠠᠢ ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠪᠠ᠃ ᠡᠨᠡᠬᠦ ᠠᠷᠭ᠎ᠠ ᠶᠢ ᠪᠥᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠬᠡᠷ ᠠᠴᠠ ᠨᠡᠶᠢᠲᠡᠯᠢᠭ ᠲᠤᠷᠰᠢᠯᠭ᠎ᠠ ᠪᠣᠯᠭᠠᠨ ᠪᠥᠬᠦ ᠤᠯᠤᠰ ᠲᠤ ᠳᠡᠯᠭᠡᠷᠡᠭᠦᠯᠪᠡ᠃       ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠤᠭᠰᠠᠨ ᠥᠪᠥᠷ ᠮᠣᠩᠭᠤᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠲᠠᠰᠤᠷᠠᠯᠲᠠ ᠥᠬᠡᠶ ᠰᠢᠨ᠎ᠡ ᠰᠢᠪᠲᠤᠯᠤᠯᠲᠠ ᠲᠠᠢ ᠪᠣᠯᠵᠣ᠂ ᠬᠦᠮᠦᠰ ᠲᠤ ᠥᠷᠭᠡᠨ ᠢᠶᠠᠷ ᠮᠡᠳᠡᠷᠡᠭᠳᠡᠵᠦ᠂ 2019 ᠣᠨ ᠤ ᠪᠥᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠡᠷᠢᠭᠦᠨ ᠤ ᠮᠤᠵᠢ ᠣᠷᠣᠨ ᠢᠶᠠᠷ ᠦᠨᠡᠯᠡᠭᠳᠡᠵᠠᠢ᠃http://mongol.people.com.cn/15833957.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号