︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠭᠠᠳᠠᠭᠠᠳᠤ ᠳᠤ ᠰᠤᠷᠤᠯᠴᠠᠭᠰᠠᠳ ᠲᠤ ᠪᠠᠷᠤᠭ 161 ᠲᠦᠮᠡᠨ ᠬᠥᠮᠦᠨ ᠤᠳᠠᠭ᠎ᠠ ᠦᠢᠯᠡᠴᠢᠯᠡᠭᠡ ᠬᠠᠨᠭ᠍ᠭᠠᠪᠠ
ᠨᠡᠶᠢᠲᠡᠯᠡᠭᠰᠡᠨ ᠴᠠᠭ᠄
2020/12/29
      ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ       12 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠬᠢᠭᠰᠡᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ ᠰᠤᠷᠭᠠᠨ ᠬᠥᠮᠦᠵᠢᠯ ᠤᠨ ᠶᠠᠮᠤᠨ ᠤ ᠣᠯᠠᠨ ᠤᠯᠤᠰ ᠤᠨ ᠬᠠᠮᠲᠤᠷᠠᠯᠴᠠᠭ᠎ᠠ ᠪᠠ ᠰᠣᠯᠢᠯᠴᠠᠭᠠᠨ ᠤ ᠵᠤᠷᠭᠠᠨ ᠤ ᠳᠠᠷᠤᠭ᠎ᠠ᠂ ᠰᠢᠶᠠᠩᠭᠠᠩ ᠣᠣᠮᠧᠨ ᠲᠠᠶᠢᠸᠠᠨ ᠤ ᠠᠵᠢᠯ ᠤᠨ ᠠᠯᠪᠠᠨ ᠬᠡᠷ ᠤᠨ ᠡᠷᠬᠢᠯᠡᠭᠴᠢ ᠯᠢᠦ ᠶᠢᠨ ᠤ ᠲᠠᠨᠢᠯᠴᠠᠭᠤᠯᠤᠭᠰᠠᠨ ᠢᠶᠠᠷ᠂ 2016 ᠣᠨ ᠠᠴᠠ 2019 ᠣᠨ ᠪᠣᠯᠲᠠᠯ᠎ᠠ᠂ ᠳᠤᠮᠳᠠᠳᠤ ᠤᠯᠤᠰ ᠤᠨ ᠭᠠᠳᠠᠭᠠᠳᠤ ᠳᠤ ᠰᠤᠷᠤᠯᠴᠠᠭᠰᠠᠳ ᠤᠨ ᠲᠤᠭ᠎ᠠ 252 ᠲᠦᠮᠡ ᠰᠢᠬᠠᠮ ᠪᠣᠯᠵᠣ᠂ ᠤᠯᠤᠰ ᠲᠠᠭᠠᠨ ᠪᠤᠴᠠᠵᠤ ᠢᠷᠡᠭᠰᠡᠨ ᠬᠥᠮᠦᠨ ᠤ ᠲᠤᠭ᠎ᠠ 201 ᠲᠦᠮᠡ ᠶᠢ ᠳᠠᠪᠠᠵᠤ᠂ ᠰᠤᠷᠤᠯᠭ᠎ᠠ ᠪᠠᠨ ᠲᠡᠭᠦᠰᠬᠡᠭᠡᠳ ᠤᠯᠤᠰ ᠲᠠᠭᠠᠨ ᠪᠤᠴᠠᠵᠤ ᠢᠷᠡᠭᠰᠡᠨ ᠬᠥᠮᠦᠨ ᠤ ᠲᠤᠭ᠎ᠠ 80% ᠰᠢᠬᠠᠮ ᠢ ᠡᠵᠡᠯᠡᠪᠡ᠃ ᠳᠤᠮᠳᠠᠳᠤ ᠤᠯᠤᠰ ᠲᠤ ᠢᠷᠡᠵᠦ ᠰᠤᠷᠤᠯᠴᠠᠬᠤ ᠶᠠᠰᠤ ᠴᠢᠨᠠᠷ ᠤᠨ ᠵᠢᠷᠤᠮᠵᠢᠯ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠳᠤᠮᠳᠠᠳᠤ ᠤᠯᠤᠰ ᠲᠤ ᠢᠷᠡᠵᠦ ᠰᠤᠷᠤᠯᠴᠠᠬᠰᠠᠳ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ 2019 ᠣᠨ ᠳᠤ᠂ ᠳᠤᠮᠳᠠᠳᠤ ᠤᠯᠤᠰ ᠲᠤ ᠢᠷᠡᠵᠦ ᠰᠤᠷᠤᠯᠴᠠᠬᠰᠠᠳ ᠤᠨ ᠰᠤᠷᠤᠯᠭ᠎ᠠ ᠶᠢᠨ ᠨᠠᠮᠲᠠᠷ ᠲᠠᠢ ᠰᠣᠷᠣᠭᠴᠢ ᠶᠢᠨ ᠬᠠᠷᠢᠴᠠᠯ 54.6% ᠳᠤ ᠬᠦᠷᠴᠦ᠂ 2016 ᠣᠨ ᠤ ᠬᠢ ᠠᠴᠠ 7 ᠵᠠᠭᠤᠨ ᠤ ᠬᠤᠪᠢ ᠶᠢᠨ ᠴᠡᠭ ᠳᠡᠭᠡᠭᠰᠢᠯᠡᠪᠠ᠃       ᠭᠠᠳᠠᠭᠠᠳᠤ ᠶᠢᠨ ᠪᠠᠷᠤᠭ 2500 ᠲᠦᠮᠡᠨ ᠬᠥᠮᠦᠨ ᠬᠢᠲᠠᠳ ᠬᠡᠯᠡ ᠰᠤᠷᠴᠤ ᠪᠠᠶᠢᠨ᠎ᠠ       ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠬᠦᠷᠢᠶᠡᠨ ᠳᠤ ᠲᠦᠷᠢᠮ ᠤᠨ ᠪᠠᠶᠢᠭᠤᠯᠤᠯᠲᠠ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠡᠷᠴᠢᠮ ᠢ ᠬᠦᠴᠦᠯᠡᠨ ᠴᠢᠩᠭᠠᠷᠠᠭᠤᠯᠵᠤ᠂ ᠬᠠᠮᠲᠤᠷᠠᠨ ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠪᠠ᠃       ︽︿ᠠᠷᠪᠠᠨ ᠭᠤᠷᠪᠠᠳᠤᠭᠠᠷ ᠲᠠᠪᠤᠨ ᠵᠢᠯ﹀ ᠤᠨ ᠬᠤᠭᠤᠴᠠᠭᠠᠨ ᠳᠤ᠂ ᠰᠤᠷᠭᠠᠨ ᠬᠥᠮᠦᠵᠢᠯ ᠤᠨ ᠶᠠᠮᠤᠨ ᠳᠤᠮᠳᠠᠳᠤ ᠭᠠᠳᠠᠭᠠᠳᠤ ᠶᠢᠨ ᠬᠠᠮᠲᠤᠷᠠᠨ ᠰᠤᠷᠭᠠᠭᠤᠯᠢ ᠡᠷᠬᠢᠯᠡᠭᠦ ᠪᠠᠶᠢᠭᠤᠯᠤᠮᠵᠢ ᠪᠠ ᠲᠦᠷᠦᠯ ᠵᠦᠢᠯ ᠢ ᠨᠡᠶᠢᠲᠡ 580 ᠬᠢᠨᠠᠨ ᠵᠥᠪᠰᠢᠶᠡᠷᠡᠵᠦ ᠳᠠᠩᠰᠠᠯᠠᠭᠤᠯᠪᠠ᠂ ᠡᠭᠦᠨ ᠳᠤ ᠵᠢᠩᠬᠢᠨᠢ ᠠᠩᠭᠢ ᠠᠴᠠ ᠳᠡᠭᠡᠭᠰᠢᠬᠢ ᠲᠥᠷᠥᠯ ᠵᠦᠢᠯ 356 ᠪᠤᠢ᠃ 2020 ᠣᠨ ᠤ ᠡᠴᠦᠰ ᠪᠣᠯᠲᠠᠯ᠎ᠠ᠂ ᠪᠢᠳᠡᠨ ᠳᠤ ᠣᠲᠣ ᠳᠤᠮᠳᠠᠳᠤ ᠭᠠᠳᠠᠭᠠᠳᠤ ᠶᠢᠨ ᠬᠠᠮᠲᠤᠷᠠᠨ ᠰᠤᠷᠭᠠᠭᠤᠯᠢ ᠡᠷᠭᠢᠯᠡᠬᠦ ᠪᠠᠶᠢᠭᠤᠯᠤᠮᠵᠢ ᠪᠠ ᠲᠥᠷᠥᠯ ᠵᠦᠢᠯ 2332 ᠪᠠᠶᠢᠵᠤ᠂ ᠡᠭᠦᠨ ᠳᠤ ᠵᠢᠩᠬᠢᠨᠢ ᠠᠩᠭᠢ ᠠᠴᠠ ᠳᠡᠭᠡᠭᠰᠢᠬᠢ ᠲᠦᠷᠦᠯ ᠵᠦᠢᠯ 1230 ᠪᠤᠢ︾ ᠭᠡᠵᠦ ᠯᠢᠦ ᠶᠢᠨ ᠬᠡᠯᠡᠪᠡ᠃       ᠬᠡᠯᠡᠨ ᠤ ᠰᠣᠯᠢᠯᠴᠠᠭ᠎ᠠ ᠪᠣᠯ ᠰᠤᠶᠤᠯ ᠢᠷᠭᠡᠨᠰᠢᠯ ᠤᠨ ᠰᠣᠯᠢᠯᠴᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠃ ᠣᠳᠣᠬᠠᠨ ᠳᠤ᠂ ᠪᠥᠬᠦ ᠳᠡᠯᠡᠬᠡᠶ ᠶᠢᠨ 70 ᠤᠯᠤᠰ ᠬᠢᠲᠠᠳ ᠬᠡᠯᠡ ᠶᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠡᠭᠡᠨ ᠣᠷᠣᠭᠤᠯᠵᠤ᠂ ᠳᠤᠮᠳᠠᠳᠤ ᠤᠯᠤᠰ ᠠᠴᠠ ᠭᠠᠳᠠᠨᠠᠭᠢ ᠬᠢᠲᠠᠳ ᠬᠡᠯᠡ ᠰᠤᠷᠴᠤ ᠪᠠᠶᠢᠭ᠎ᠠ ᠬᠥᠮᠦᠨ ᠤ ᠲᠤᠭ᠎ᠠ ᠪᠠᠷᠤᠭ 2500 ᠲᠦᠮᠡ ᠪᠠᠶᠢᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠳᠡᠯᠡᠬᠡᠶ ᠶᠢᠨ ᠬᠡᠪᠴᠢᠶᠡᠨ ᠳᠤ ᠪᠠᠷᠤᠭ 4000 ᠲᠦᠮᠡᠨ ᠬᠥᠮᠦᠨ ᠤᠳᠠᠭ᠎ᠠ HSK ︵ᠬᠢᠲᠠᠳ ᠬᠡᠯᠡᠨ ᠤ ᠬᠢᠷᠢ ᠲᠦᠪᠰᠢᠨ ᠤ ᠰᠢᠯᠭᠠᠯᠲᠠ︶᠂ YCT ︵ᠳᠤᠮᠳᠠᠳᠤ ᠪᠠᠭ᠎ᠠ ᠰᠤᠷᠭᠠᠭᠤᠯᠢ ᠶᠢᠨ ᠬᠢᠲᠠᠳ ᠬᠡᠯᠡᠨ ᠤ ᠰᠢᠯᠭᠠᠯᠲᠠ︶ ᠵᠡᠷᠭᠡ ᠰᠢᠯᠭᠠᠯᠲᠠ ᠳᠤ ᠣᠷᠣᠯᠴᠠᠵᠤ᠂ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠭᠡᠨ ᠳᠡᠯᠭᠡᠷ ᠪᠥᠭᠡᠳ ᠪᠠᠲᠤ ᠪᠠᠬᠢ ᠰᠠᠭᠤᠷᠢ ᠲᠠᠢ ᠪᠣᠯᠵᠠᠶ᠃       ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠳ ᠲᠤ 3 ᠲᠦᠮᠡ ᠭᠠᠷᠤᠶ ᠠᠵᠢᠯ ᠤᠨ ᠪᠠᠶᠢᠷᠢ ᠬᠠᠩᠭᠠᠪᠠ       ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠤᠨ ᠬᠢᠨ ᠰᠢᠨ᠎ᠡ ᠴᠠᠭ ᠦᠶ᠎ᠡ ᠶᠢᠨ ᠭᠠᠳᠠᠭᠠᠳᠤ ᠳᠤ ᠰᠤᠷᠤᠯᠴᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠳᠠᠭᠠᠳᠤ ᠳᠤ ᠭᠠᠷᠴᠤ ᠰᠤᠷᠤᠯᠴᠠᠬᠤ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠬᠤ᠂ ᠳᠤᠮᠳᠠᠳᠤ ᠤᠯᠤᠰ ᠲᠤ ᠢᠷᠡᠵᠤ ᠰᠤᠷᠤᠯᠴᠠᠬᠤ᠂ ᠰᠤᠷᠭᠠᠨ ᠬᠥᠮᠦᠵᠢᠯ ᠤᠨ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠠ ᠲᠦᠷᠦᠯ ᠤᠨ ᠭᠠᠳᠠᠭᠠᠳᠤ ᠳᠤ ᠰᠤᠷᠤᠯᠴᠠᠭᠰᠠᠳ ᠲᠤ ᠪᠠᠷᠤᠬ 161 ᠲᠦᠮᠡᠨ ᠬᠥᠮᠦᠨ ᠤᠳᠠᠭ᠎ᠠ ᠶᠢᠨ ᠦᠢᠯᠡᠴᠢᠯᠡᠭᠡ ᠬᠠᠨᠭ᠍ᠭᠠᠪᠠ᠃       ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠴᠧᠩ ᠵᠢᠶᠠ ᠼᠠᠢ ᠲᠠᠨᠢᠯᠴᠠᠭᠤᠯᠬᠤ ᠳᠠᠭᠠᠨ᠂ 5 ᠵᠢᠯ ᠤᠨ ᠲᠤᠷᠰᠢ᠂ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠨᠡᠶᠢᠲᠡ 9 ᠬᠤᠭᠤᠴᠠᠭᠠᠨ ᠤ ᠭᠠᠳᠠᠭᠠᠳᠤ ᠳᠤ ᠰᠤᠷᠤᠯᠴᠠᠬᠤ ᠴᠢᠳᠠᠪᠤᠷᠢᠲᠠᠨ ᠤᠷᠢᠬᠤ ᠴᠤᠭᠯᠠᠭᠠᠨ ᠢ ᠡᠷᠭᠢᠯᠡᠵᠦ᠂ 1500 ᠭᠠᠷᠤᠶ ᠨᠢᠭᠡᠴᠡ ᠶᠢ ᠦᠵᠡᠰᠬᠦᠯᠡᠩ ᠳᠤ ᠲᠠᠳᠠᠨ ᠣᠷᠣᠯᠴᠠᠭᠤᠯᠵᠤ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠳ ᠲᠤ 3 ᠲᠦᠮᠡ ᠭᠠᠷᠤᠶ ᠠᠵᠢᠯ ᠤᠨ ᠪᠠᠶᠢᠷᠢ ᠬᠠᠩᠭᠠᠪᠠ᠃ ᠡᠨᠡ ᠵᠢᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠠᠴᠠ ᠪᠣᠯᠤᠭᠰᠠᠨ ᠠᠵᠢᠯ ᠤᠯᠬᠤ ᠳᠤ ᠬᠦᠴᠢᠷᠲᠠᠢ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ︽2020 ᠣᠨ ᠤ ᠭᠠᠳᠠᠭᠠᠳᠤ ᠳᠤ ᠰᠤᠷᠤᠯᠴᠠᠬᠤ ᠴᠢᠳᠠᠪᠤᠷᠢᠲᠠᠨ ᠡᠯᠰᠡᠬᠦ ᠴᠤᠬᠯᠠᠭᠠᠨ︾ ᠢ ᠡᠷᠭᠢᠯᠡᠵᠦ᠂ 1000 ᠭᠠᠷᠤᠶ ᠨᠢᠭᠡᠴᠡ ᠣᠷᠣᠯᠴᠠᠵᠤ᠂ 2 ᠲᠦᠮᠡ ᠭᠠᠷᠤᠶ ᠠᠵᠢᠯ ᠤᠨ ᠪᠠᠶᠢᠷᠢ ᠬᠠᠩᠭᠠᠪᠠ᠃       ᠬᠢᠵᠢᠭ ᠤᠨ ᠪᠠᠶᠢᠳᠠᠯ ᠠᠴᠠ ᠪᠣᠯᠵᠣ ᠰᠦᠯᠵᠢᠶ᠎ᠠ ᠪᠠᠷ ᠬᠢᠴᠢᠶᠡᠯ ᠰᠤᠷᠬᠤ ᠨᠢ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠢ ᠨᠥᠯᠥᠭᠡᠯᠡᠬᠦ ᠥᠬᠡᠶ       ᠬᠢᠵᠢᠭ ᠤᠨ ᠨᠥᠯᠥᠭᠡ ᠠᠴᠠ ᠪᠣᠯᠵᠣ ᠭᠠᠳᠠᠭᠠᠳᠤ ᠳᠤ ᠭᠠᠷᠴᠤ ᠰᠤᠷᠤᠯᠴᠠᠬᠤ ᠶᠢᠨ ᠠᠷᠭ᠎ᠠ ᠥᠬᠡᠶ ᠪᠣᠯᠵᠣ᠂ ᠤᠯᠤᠰ ᠤᠨ ᠳᠣᠲᠣᠭᠠᠳᠤ ᠳᠠᠭᠠᠨ ᠰᠦᠯᠵᠢᠶᠡᠨ ᠳᠡᠭᠡᠷ᠎ᠡ ᠬᠢᠴᠢᠶᠡᠯ ᠤᠷᠤᠵᠤ ᠭᠠᠳᠠᠭᠠᠳᠤ ᠶᠢᠨ ᠶᠡᠭᠡ ᠰᠤᠷᠭᠠᠭᠤᠯᠢ ᠶᠢᠨ ᠡᠷᠳᠡᠮ ᠤᠨ ᠴᠣᠯᠠ ᠶᠢᠨ ᠦᠨᠡᠮᠯᠡᠯ ᠢ ᠤᠯᠬᠤ ᠪᠤᠯᠪᠠ᠂ ᠡᠶᠢᠮᠦᠷᠬᠦᠦ ᠪᠠᠶᠢᠳᠠᠯ ᠨᠢ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠢ ᠨᠥᠯᠥᠭᠡᠯᠡᠨ᠎ᠡ ᠤᠤ ᠦᠭᠡᠢ ᠤᠤ︖       ᠯᠢᠦ ᠶᠢᠨ᠄ ᠰᠤᠷᠭᠠᠨ ᠬᠥᠮᠦᠵᠢᠯ ᠤᠨ ᠶᠠᠮᠤᠨ ᠡᠮᠦᠨᠡᠭᠡᠨ ᠨᠢᠭᠡᠨᠲᠡ ᠮᠡᠳᠡᠭᠳᠡᠯ ᠨᠡᠶᠢᠲᠡᠯᠡᠵᠦ᠂ ᠭᠠᠳᠠᠭᠠᠳᠤ ᠳᠤ ᠰᠤᠷᠤᠯᠴᠠᠭᠰᠠᠳ ᠬᠢᠵᠢᠭ ᠤᠨ ᠨᠥᠯᠥᠭᠡ ᠠᠴᠠ ᠪᠣᠯᠵᠣ ᠭᠠᠳᠠᠭᠠᠳᠤ ᠳᠤ ᠰᠤᠷᠤᠯᠴᠠᠵᠤ ᠪᠠᠶᠢᠭ᠎ᠠ ᠭᠠᠵᠠᠷ ᠤᠨ ᠰᠤᠷᠭᠠᠭᠤᠯᠢ ᠳᠠᠭᠠᠨ ᠴᠠᠭ ᠲᠠᠭᠠᠨ ᠪᠤᠴᠠᠬᠤ ᠶᠢᠨ ᠠᠷᠭ᠎ᠠ ᠥᠬᠡᠶ ᠪᠤᠯᠤᠬᠰᠠᠨ ᠤ ᠤᠯᠠᠮ ᠢᠶᠠᠷ ᠰᠦᠯᠵᠢᠶᠡᠨ ᠳᠡᠭᠡᠷ᠎ᠡ ᠬᠡᠰᠡᠭ ᠬᠢᠴᠢᠶᠡᠯ ᠢ ᠰᠤᠷᠬᠤ ᠰᠤᠩᠭᠤᠯᠳᠠ ᠭᠠᠷᠭᠠᠬᠤ ᠵᠢᠴᠢ ᠡᠭᠦᠨ ᠠᠴᠠ ᠪᠤᠯᠵᠤ ᠬᠢᠯᠢ ᠶᠢᠨ ᠭᠠᠳᠠᠨ᠎ᠠ ᠪᠠᠶᠢᠬᠤ ᠴᠠᠭ ᠨᠢ ᠰᠤᠷᠤᠯᠭ᠎ᠠ ᠶᠢᠨ ᠲᠦᠷᠢᠮ ᠤᠨ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠳᠠᠯ ᠢᠯᠡᠷᠡᠭᠦ ᠶᠢ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠭᠡᠷᠡᠴᠢᠯᠡᠯ ᠤᠨ ᠦᠷ᠎ᠡ ᠳ᠋ᠦᠩ ᠢ ᠨᠥᠯᠥᠭᠡᠯᠡᠬᠦ ᠬᠦᠴᠦᠨ ᠵᠦᠢᠯ ᠪᠣᠯᠭᠠᠬᠤ ᠥᠬᠡᠶ ᠭᠡᠵᠦ ᠲᠣᠳᠣᠷᠬᠠᠶᠢᠯᠠᠪᠠ᠃       ᠬᠢᠵᠢᠭ ᠤᠨ ᠪᠠᠶᠢᠳᠠᠯ ᠠᠴᠠ ᠪᠣᠯᠵᠣ ᠭᠠᠳᠠᠭᠠᠳᠤ ᠳᠤ ᠭᠠᠷᠴᠤ ᠰᠤᠷᠤᠯᠴᠠᠬᠤ ᠳᠤ ᠰᠠᠭᠠᠳ ᠤᠴᠠᠷᠠᠭᠰᠠᠨ ᠠᠰᠠᠭᠤᠳᠠᠯ ᠢ ᠨᠠᠮᠳᠠᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠪᠠᠰᠠ ᠳᠤᠮᠳᠠᠳᠤ ᠭᠠᠳᠠᠭᠠᠳᠤ ᠶᠢᠨ ᠬᠠᠮᠲᠤᠷᠠᠨ ᠡᠷᠭᠢᠯᠡᠭᠰᠡᠨ 94 ᠶᠡᠭᠡ ᠰᠤᠷᠭᠠᠭᠤᠯᠢ᠂ ᠪᠠᠶᠢᠭᠤᠯᠤᠮᠵᠢ ᠪᠣᠯᠤᠨ ᠲᠥᠷᠥᠯ ᠵᠦᠢᠯ ᠤᠨ ᠲᠦᠷ ᠴᠠᠭ ᠥᠷᠭᠡᠳᠬᠡᠨ ᠡᠯᠰᠡᠬᠦ ᠶᠢ ᠠᠬᠢᠭᠤᠯᠵᠤ᠂ ᠨᠡᠶᠢᠲᠡ 3031 ᠬᠥᠮᠦᠨ ᠡᠯᠰᠡᠪᠡ᠃http://mongol.people.com.cn/15833658.html  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号