ᠰᠢᠨᠬᠤᠸᠠ ᠬᠤᠷᠢᠶᠠᠨ ᠤ ᠬᠥᠬᠡᠬᠤᠲᠠ ᠶᠢᠨ 12 ᠰᠠᠷ᠎ᠠ ᠶᠢᠨ 25 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠠᠨ ᠯᠦ ᠮᠧᠩ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠣᠶᠢᠷ᠎ᠠ ᠳᠤ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ | ᠠᠬᠤᠶᠢᠯᠠᠯ ᠤᠨ ᠲᠠᠩᠰᠠ ᠮᠦᠡᠭᠭᠦ ᠶᠢ ᠥᠷᠢᠲᠦᠬᠦ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠦ | ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠷᠢᠲᠦᠬᠦ ᠶᠢ ᠰᠡᠷᠭᠡᠶᠢᠯᠡᠬᠦ ᠣᠷᠳᠣ | ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ | ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠷᠢᠲᠦᠬᠦ ᠡᠯ᠎ᠡ ᠵᠦᠢᠯ ᠤᠨ ᠠᠰᠠᠭᠤᠳᠠᠯ ᠡᠭᠦᠰᠬᠦ ᠶᠢ | ᠬᠤᠷᠢᠬᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠳᠤ᠂ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ | ᠪᠣᠯᠤᠨ ᠲᠣᠮᠣ ᠬᠡᠯᠪᠡᠷᠢ ᠶᠢᠨ ᠠᠵᠤ ᠠᠬᠤᠶᠢᠯᠠᠯ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ | ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠭᠬᠦ ᠪᠠᠨ ᠬᠤᠶᠢᠰᠢᠯᠠᠭᠤᠯᠤᠨ ᠤᠳᠠᠭᠠᠰᠢᠷᠠᠭᠤᠯᠵᠤ᠂ ᠦᠢᠯᠡ | ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠦᠨ᠎ᠡ᠃ | ᠤᠷᠢᠳᠴᠢᠯᠠᠨ ᠰᠡᠷᠭᠡᠶᠢᠯᠡᠬᠦ ᠲᠣᠭᠲᠠᠴᠠ ᠠᠴᠠ ᠦᠵᠡᠪᠡᠯ᠂ ᠥᠪᠥᠷ ᠮᠣᠩᠭᠤᠯ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠪᠠᠯᠠ ᠮᠥᠩᠭᠦ ᠶᠢ ᠭᠦᠢᠴᠡᠳ ᠲᠤᠭ᠎ᠠ ᠪᠠᠷ | ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠵᠤ᠂ ᠪᠠᠷᠢᠯᠭ᠎ᠠ ᠪᠠᠷᠢᠬᠤ ᠨᠢᠭᠡᠴᠡ ᠠᠴᠠ ᠤᠷᠢᠳ ᠢᠶᠠᠷ ᠣᠷᠣᠯᠠᠨ | ᠦᠭᠴᠦ ᠪᠣᠯᠬᠤ ᠥᠬᠡᠶ ᠭᠡᠵᠦ ᠱᠠᠭᠠᠷᠳᠠᠪᠠ᠃ ᠡᠭᠦᠨ ᠤ ᠬᠠᠮᠳᠤ ᠵᠣᠭᠤᠰ ᠥᠭᠬᠦ ᠬᠠᠮᠤᠭ ᠤᠨ ᠤᠷᠳᠦ | ᠬᠤᠭᠤᠴᠠᠭ᠎ᠠ ᠶᠢ ᠲᠣᠭᠲᠠᠭᠠᠪᠠ᠃ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠡᠳ᠋ ᠪᠠᠷᠠᠭ᠎ᠠ᠂ ᠪᠠᠷᠢᠯᠭ᠎ᠠ᠂ | ᠦᠢᠯᠡᠴᠢᠯᠡᠭᠡ ᠶᠢ ᠬᠤᠳᠠᠯᠳᠤᠨ ᠠᠪᠬᠤ ᠳᠤ ᠬᠦᠷᠪᠡᠯ᠂ ᠲᠤᠰᠢᠶᠠᠵᠤ ᠭᠠᠷᠳᠠᠭᠤᠯᠤᠬᠰᠠᠨ ᠡᠳᠦᠷ ᠠᠴᠠ ᠡᠬᠢᠯᠡᠨ 30 | ᠡᠳᠦᠷ ᠤᠨ ᠲᠤᠳᠤᠷ᠎ᠠ ᠵᠤᠭᠤᠰ ᠢ ᠨᠢ ᠦᠭᠭᠦ ᠬᠡᠷᠡᠭᠲᠡᠢ᠂ ᠬᠡᠷ᠎ᠠ ᠳᠤ ᠠᠰᠳᠠᠭᠠᠨ ᠪᠤᠯᠵᠤᠨ ᠲᠤᠬᠳᠠᠬᠰᠠᠨ ᠪᠠᠶᠢᠪᠠᠯ᠂ | ᠵᠣᠭᠤᠰ ᠥᠭᠬᠦ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ 60 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠪᠠᠲᠤᠯᠠᠭ᠎ᠠ ᠶᠢᠨ ᠲᠣᠭᠲᠠᠴᠠ ᠶᠢᠨ ᠲᠠᠯ᠎ᠠ ᠪᠠᠷ᠂ ᠥᠪᠥᠷ ᠮᠣᠩᠭᠤᠯ ᠠᠯᠪᠠᠨ ᠪᠠᠶᠢᠭᠤᠯᠤᠯᠭ᠎ᠠ᠂ ᠠᠵᠢᠯ | ᠦᠢᠯᠡᠰ ᠤᠨ ᠨᠢᠭᠡᠴᠡ ᠨᠢ ᠬᠠᠷᠢᠭᠤᠴᠠᠯᠭᠠᠲᠠᠨ ᠬᠤᠪᠢᠷᠠᠬᠰᠠᠨ ᠪᠤᠶᠤ ᠭᠡᠷ᠎ᠡ ᠳᠤ ᠪᠣᠯᠵᠣᠨ ᠲᠤᠬᠳᠠᠭᠠᠳᠤᠢ ᠪᠠᠷᠢᠯᠭ᠎ᠠ | ᠳᠠᠭᠤᠰᠤᠭᠰᠠᠨ ᠢ ᠰᠢᠯᠭᠠᠨ ᠬᠤᠷᠢᠶᠠᠵᠤ ᠴᠣᠬᠤᠯᠠᠪᠤᠷᠢᠯᠠᠬᠤ᠂ ᠲᠥᠰᠦᠪ ᠤᠨ ᠭᠦᠢᠴᠡᠳᠬᠡᠯ ᠢ ᠬᠢᠨᠠᠨ ᠪᠤᠳᠤᠬᠤ ᠶᠢ | ᠬᠦᠯᠢᠶᠡᠬᠦ ᠵᠡᠷᠭᠡ ᠪᠠᠷ ᠰᠢᠯᠲᠠᠭ ᠪᠣᠯᠭᠠᠵᠤ᠂ ᠵᠤᠭᠤᠰ ᠦᠭᠭᠦ ᠶᠢ ᠬᠡᠯᠪᠡᠷᠢ ᠶᠢ ᠨᠢ ᠥᠭᠡᠷᠡᠲᠦᠭᠦᠯᠦᠨ ᠲᠡᠪᠴᠢᠬᠦ ᠪᠤᠶᠤ | ᠵᠣᠭᠤᠰ ᠥᠭᠬᠦ ᠬᠤᠭᠤᠴᠠᠭ᠎ᠠ ᠶᠢ ᠨᠢ ᠤᠷᠲᠤᠳᠬᠠᠬᠤ ᠶᠢ ᠴᠢᠩᠭ᠎ᠠ ᠴᠠᠭᠠᠵᠠᠯᠠᠪᠠ᠃ ᠠᠯᠪᠠᠨ ᠪᠠᠶᠢᠭᠤᠯᠤᠯᠭ᠎ᠠ᠂ ᠠᠵᠢᠯ | ᠦᠢᠯᠡᠰ ᠤᠨ ᠨᠢᠭᠡᠴᠡ ᠪᠣᠯᠤᠨ ᠲᠣᠮᠣ ᠬᠡᠯᠪᠡᠷᠢ ᠶᠢᠨ ᠠᠵᠤ ᠠᠬᠤᠶᠢᠯᠠᠯ ᠴᠤ ᠠᠷᠠᠳ ᠤᠨ ᠡᠵᠡᠩᠨᠡᠭᠰᠡᠨ ᠠᠵᠤ | ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠢ ᠠᠯᠪᠠᠳᠠᠵᠤ ᠪᠠᠶᠢᠭᠠᠳ ᠬᠤᠳᠠᠯᠳᠤᠭᠠᠨ ᠤ ᠭᠤᠪᠢᠭᠤᠯᠭ᠎ᠠ ᠶᠢᠨ | ᠬᠠᠭᠤᠳᠠᠰᠤ ᠵᠡᠷᠭᠡ ᠪᠡᠯᠡᠨ ᠵᠣᠭᠤᠰ ᠤᠨ ᠪᠤᠰᠤ ᠠᠷᠭ᠎ᠠ ᠬᠡᠯᠪᠡᠷᠢ ᠪᠠᠷ ᠵᠤᠭᠤᠰ ᠦᠭᠭᠦ ᠶᠢ ᠬᠦᠯᠢᠶᠡᠠ ᠠᠪᠤᠭᠤᠯᠬᠤ ᠪᠠᠷ | ᠠᠯᠪᠠᠳᠠᠵᠤ ᠪᠤᠯᠬᠤ ᠦᠭᠡᠢ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ | ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠭᠬᠦ ᠶᠢ ᠬᠤᠶᠢᠰᠢᠯᠠᠭᠤᠯᠵᠤ ᠤᠳᠠᠭᠠᠰᠢᠷᠠᠭᠤᠯᠤᠬᠰᠠᠨ ᠢ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠪᠠ᠃ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ | ᠪᠣᠯᠤᠨ ᠲᠣᠮᠣ ᠬᠡᠯᠪᠡᠷᠢ ᠶᠢᠨ ᠠᠵᠤ ᠠᠬᠤᠶᠢᠯᠠᠯ ᠤᠳ ᠲᠠᠩᠰᠠ ᠮᠦᠡᠭᠭᠦ ᠶᠢ ᠥᠭᠬᠦ ᠪᠠᠨ ᠬᠤᠶᠢᠰᠢᠯᠠᠭᠤᠯᠵᠤ | ᠤᠳᠠᠭᠠᠰᠢᠷᠠᠭᠤᠯᠪᠠᠯ᠂ ᠭᠡᠷ᠎ᠡ ᠳᠤ ᠪᠣᠯᠵᠣᠨ ᠲᠣᠭᠲᠠᠭᠰᠠᠨ ᠬᠦᠦ ᠶᠢᠨ ᠨᠣᠷᠮ᠎ᠠ ᠶᠢᠨ ᠪᠠᠷᠢᠮᠵᠢᠶ᠎ᠠ ᠶᠣᠰᠣᠭᠠᠷ | ᠬᠤᠭᠤᠴᠠᠭ᠎ᠠ ᠬᠡᠲᠦᠷᠡᠭᠰᠡᠨ ᠬᠦᠦ ᠮᠥᠩᠭᠦ ᠥᠭᠬᠦ ᠬᠡᠷᠡᠭᠲᠡᠶ᠂ ᠪᠣᠯᠵᠣᠨ ᠲᠣᠭᠲᠠᠭᠰᠠᠨ ᠦᠭᠡᠶ ᠪᠣᠯ ᠡᠳᠦᠷ ᠪᠦᠷᠢ ᠶᠢᠨ | ᠬᠦᠦ ᠶᠢᠨ ᠨᠣᠷᠮ᠎ᠠ ᠶᠢᠨ ᠲᠦᠮᠡᠨ ᠬᠤᠪᠢ ᠶᠢᠨ ᠲᠠᠪᠤ ᠪᠠᠷ ᠬᠤᠭᠤᠴᠠᠭ᠎ᠠ ᠬᠡᠲᠦᠷᠡᠭᠰᠡᠨ ᠬᠦᠦ ᠮᠥᠩᠭᠦ ᠶᠢ ᠥᠭᠬᠦ | ᠬᠡᠷᠡᠭᠲᠡᠶ᠃ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠨᠦᠭᠦᠳ ᠵᠢᠯ ᠪᠦᠷᠢ ᠶᠢᠨ 3 ᠰᠠᠷ᠎ᠠ ᠶᠢᠨ | ᠰᠡᠭᠦᠯᠴᠢ ᠠᠴᠠ ᠡᠮᠦᠨ᠎ᠡ ᠲᠦᠷᠦᠭᠦᠦ ᠨᠢᠭᠡ ᠵᠢᠯ ᠤᠨ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠭᠭᠦᠭᠡᠳᠦᠢ | ᠭᠡᠷ᠎ᠡ ᠶᠢᠨ ᠲᠤᠭ᠎ᠠ᠂ ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠢᠯᠡ ᠨᠡᠶᠢᠳᠡᠯᠡᠭᠦ ᠬᠡᠷᠡᠭᠲᠡᠶ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ | ᠥᠭᠬᠦ ᠶᠢ ᠲᠡᠪᠴᠢᠬᠦ ᠪᠤᠶᠤ ᠬᠤᠶᠢᠰᠢᠯᠠᠭᠤᠯᠵᠤ ᠤᠳᠠᠭᠠᠰᠢᠷᠠᠭᠤᠯᠤᠬᠰᠠᠨ ᠠᠯᠪᠠᠨ ᠪᠠᠶᠢᠭᠤᠯᠤᠯᠭ᠎ᠠ᠂ ᠠᠵᠢᠯ | ᠦᠢᠯᠡᠰ ᠤᠨ ᠨᠢᠭᠡᠴᠡ ᠳᠤ᠂ ᠰᠠᠯᠠᠭ᠎ᠠ ᠮᠥᠴᠢᠷ ᠤᠨ ᠲᠥᠰᠦᠪ ᠢ ᠬᠠᠰᠤᠵᠤ ᠪᠠᠭᠠᠰᠬᠠᠨ᠂ ᠠᠯᠪᠠᠨ ᠶᠠᠪᠤᠳᠠᠯ ᠢᠶᠠᠷ | ᠭᠠᠳᠠᠭᠰᠢ ᠭᠠᠷᠬᠤ ᠪᠠᠷᠢᠮᠵᠢᠶ᠎ᠠ ᠶᠢ ᠪᠠᠭᠤᠷᠠᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠥᠪᠡᠷᠲᠡᠭᠡᠨ | ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠷᠢᠲᠦᠭᠰᠡᠡ ︽ᠬᠠᠷ᠎ᠠ ᠲᠠᠩᠰᠠ︾ | ᠶᠢᠨ ᠲᠦᠷᠢᠮ ᠢ ᠪᠠᠶᠢᠭᠤᠯᠵᠤ᠂ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠶᠣᠰᠣᠭᠠᠷ | ᠬᠡᠷᠡᠭᠵᠢᠭᠦᠯᠦᠨ᠎ᠡ᠃ | http://mongol.people.com.cn/15833954.html |