2021 ᠣᠨ ᠳᠤ ᠳᠤᠮᠳᠠᠳᠤ ᠤᠯᠤᠰ ᠤᠨ ᠠᠵᠤ ᠠᠬᠤᠶ ᠶᠠᠮᠠᠷ ᠶᠠᠮᠠᠷ ᠰᠢᠨ᠎ᠡ ᠰᠡᠳᠬᠢᠮᠵᠢ ᠶᠢ ᠠᠩᠬᠠᠷᠬᠤ ᠴᠢᠬᠤᠯᠠᠲᠠᠶ ᠪᠣᠶ︖
ᠨᠡᠶᠢᠲᠡᠯᠡᠭᠰᠡᠨ ᠴᠠᠭ᠄
2020/12/29
       ᠳᠤᠮᠳᠠᠳᠤ ᠤᠯᠤᠰ ᠤᠨ ᠰᠣᠨᠢᠨ ᠮᠡᠳᠡᠭᠡᠯᠡᠯ ᠤᠨ ᠬᠤᠷᠢᠶᠠᠨ ᠤ ᠰᠤᠷᠪᠤᠯᠵᠢᠯᠠᠭᠴᠢ ᠸᠠᠩ ᠡᠧᠨ ᠪᠦᠸᠧ       ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠭᠰᠠᠨ ᠤ ᠲᠠᠷᠠᠭ᠎ᠠ᠂ 2021 ᠣᠨ ᠤ ᠳᠤᠮᠳᠠᠳᠤ ᠤᠯᠤᠰ ᠤᠨ ᠠᠵᠤ ᠠᠬᠤᠢ ᠶᠢᠨ ᠠᠵᠢᠯ ᠤᠨ ᠴᠢᠭᠯᠡᠯ ᠢ ᠦᠨᠳᠦᠰᠦᠨ ᠳᠡᠭᠡᠨ ᠲᠣᠭᠲᠠᠭᠠᠪᠠ᠃ ᠡᠨᠡ ᠬᠦ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠣᠨᠴᠠᠭᠠᠶ ᠴᠢᠬᠤᠯᠠ ᠴᠢᠨᠠᠷᠲᠠᠶ ᠣᠨ ᠵᠢᠯ ᠳᠤ ᠴᠢᠭᠯᠡᠭᠦᠯᠦᠨ ᠂ ᠠᠯᠪᠠᠨ ᠤ ᠲᠠᠯ᠎ᠠ ᠶᠢᠨ ᠬᠢᠨ ᠠᠯᠢ ᠣᠯᠠᠨ ᠰᠢᠨ᠎ᠡ ᠰᠡᠳᠬᠢᠮᠵᠢ ᠭᠠᠷᠭᠠᠵᠤ ᠰᠢᠯᠭᠠᠯᠳᠠ ᠶᠢ ᠠᠷᠭᠠᠴᠠᠭᠠᠬᠰᠠᠨ ᠪᠠᠶᠢᠨ᠎ᠠ᠃       ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢ ᠰᠠᠭᠤᠷᠢ ᠨᠠᠩ ᠥᠨᠳᠥᠷ ᠪᠤᠯᠪᠠ       ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠪᠠᠶᠢᠳᠠᠯ ᠳᠣᠣᠷ᠎ᠠ᠂ ︽ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠬᠤ︾ ᠶᠢ ᠢᠷᠡᠬᠦ ᠵᠢᠯ ᠤᠨ ᠳᠤᠮᠳᠠᠳᠤ ᠤᠯᠤᠰ ᠤᠨ ᠠᠵᠤ ᠠᠬᠤᠢ ᠶᠢᠨ ᠨᠠᠢᠮᠠᠨ ᠶᠡᠭᠡ ᠭᠤᠣᠯᠳᠠᠯᠭ᠎ᠠ ᠲᠠᠢ ᠡᠭᠦᠷᠭᠡ ᠶᠢᠨ ᠲᠡᠷᠢᠭᠦᠨ ᠳᠤ ᠵᠢᠬᠰᠠᠭᠠᠵᠠᠢ᠃       ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠯᠢᠦ ᠶᠦ᠋ᠧᠠᠨ ᠴᠦᠨ ᠤ ᠦᠭᠡ ᠪᠠᠷ ᠬᠡᠯᠡᠪᠡᠯ᠂ ᠥᠩᠭᠡᠷᠡᠭᠰᠡᠨ ᠳᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠶᠡᠷᠦ ᠠᠴᠠ ᠡᠶᠢᠮᠦ ᠬᠦᠡᠳᠦᠴᠡ ᠲᠠᠢ ᠶᠠᠷᠢᠭ᠎ᠠ ᠦᠭᠡᠢ ᠶᠤᠮ᠂ ᠡᠨᠡ ᠨᠢ ᠳᠤᠮᠳᠠᠳᠤ ᠤᠯᠤᠰ ᠨᠢᠭᠡᠨᠲᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠤᠨ ᠭᠤᠣᠯᠯᠠᠬᠤ ᠪᠠᠶᠢᠷᠢᠨ ᠳᠤ ᠲᠠᠯᠪᠢᠭᠰᠠᠨ ᠢ ᠬᠠᠷᠠᠭᠤᠯᠵᠤ ᠪᠠᠶᠢᠨ᠎ᠠ᠃       ᠵᠠᠮ ᠬᠠᠷᠢᠯᠴᠠᠭᠠᠨ ᠤ ᠪᠠᠩᠬᠢ ᠶᠢᠨ ᠮᠥᠩᠭᠦᠨ ᠭᠦᠢᠯᠭᠡᠭᠡᠨ ᠤ ᠰᠤᠳᠤᠯᠭᠠᠨ ᠤ ᠲᠥᠪ ᠤᠨ ᠲᠦᠷᠦᠭᠦᠤ ᠰᠤᠳᠤᠯᠤᠭᠴᠢ ᠲᠠᠩ ᠵᠢᠶᠠᠨ ᠸᠧᠶ ᠶᠢᠨ ᠤᠯᠵᠤ ᠠᠩᠬᠠᠷᠤᠬᠰᠠᠨ ᠢᠶᠠᠷ᠂ ᠲᠣᠰ ᠤᠳᠠᠭᠠᠨ ᠤ ᠬᠤᠷᠠᠯ ᠤᠨ ᠠᠯᠪᠠᠨ ᠤ ᠲᠠᠯ᠎ᠠ ᠶᠢᠨ ᠮᠡᠳᠡᠭᠡ ᠳᠤ᠂ ︽ᠰᠢᠨᠵᠢᠯᠡᠬᠦ ᠤᠬᠠᠭᠠᠨ ᠮᠡᠷᠭᠡᠵᠢᠯ︾ ᠪᠠ ︽ᠰᠢᠨ᠎ᠡ ᠶᠢ ᠡᠭᠦᠳᠬᠦ︾ ᠨᠢ ᠨᠡᠶᠢᠲᠡ 30 ᠤᠳᠠᠭ᠎ᠠ ᠲᠤᠷᠠᠳᠤᠬᠳᠠᠵᠤ᠂ ᠨᠢᠳᠤᠨᠤᠨ ᠤ 16 ᠤᠳᠠᠭ᠎ᠠ ᠠᠴᠠ ᠬᠤᠯᠠ ᠳᠠᠪᠠᠭᠰᠠᠨ ᠪᠠᠶᠢᠨ᠎ᠠ᠂ ᠡᠨᠡ ᠨᠢ ᠲᠥᠪ ᠠᠴᠠ ᠰᠢᠨᠵᠢᠯᠡᠬᠦ ᠤᠬᠠᠭᠠᠨ ᠮᠡᠷᠭᠡᠵᠢᠯ ᠪᠠ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠶᠢ ᠭᠦᠢᠴᠡᠳ ᠬᠠᠷᠠᠭᠤᠯᠵᠤ ᠪᠠᠶᠢᠨ᠎ᠠ᠃       ᠬᠥᠭᠵᠢᠯᠲᠡ ᠪᠠ ᠠᠮᠤᠷ ᠲᠦᠪᠰᠢᠨ ᠤ ᠬᠠᠷᠢᠴᠠᠭ᠎ᠠ ᠨᠠᠩ ᠴᠢᠩᠭᠠᠷᠠᠪᠠ       ︽ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠦᠨ᠎ᠡ︾᠂ ︽ᠤᠯᠤᠰ ᠤᠨ ᠬᠥᠭᠵᠢᠯᠲᠡ ᠪᠣᠯᠤᠨ ᠠᠮᠤᠷ ᠲᠦᠪᠰᠢᠨ ᠢ ᠬᠢᠵᠠᠭᠠᠷᠯᠠᠵᠤ ᠪᠠᠶᠢᠭ᠎ᠠ ᠴᠢᠬᠤᠯᠠ ᠶᠡᠭᠡ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ︾᠂ ︽ᠬᠥᠭᠵᠢᠯᠲᠡ ᠪᠣᠯᠤᠨ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠰᠠᠶᠢᠲᠤᠷ ᠠᠳᠬᠤᠨ᠎ᠠ︾ ᠁ ᠲᠤᠰ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ︽ᠬᠥᠭᠵᠢᠯᠲᠡ︾ ᠪᠣᠯᠤᠨ ︽ᠠᠮᠤᠷ ᠲᠦᠪᠰᠢᠨ︾ ᠭᠡᠬᠦ ᠬᠤᠶᠠᠷ ᠦᠭᠡ ᠤᠯᠠᠨ ᠤᠳᠠᠭ᠎ᠠ ᠵᠡᠷᠭᠡ ᠪᠠᠷ ᠢᠯᠡᠷᠡᠵᠦ᠂ ᠨᠢᠭᠲᠠ ᠬᠤᠯᠪᠣᠭ᠎ᠠ ᠲᠠᠢ ᠪᠠᠶᠢᠨ᠎ᠠ᠃       ᠪᠣᠳᠠᠲᠠᠶ ᠠᠵᠢᠯ ᠤᠨ ᠲᠠᠯ᠎ᠠ ᠳᠤ᠂ ︽ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠠ ᠡᠵᠡᠮᠳᠡᠵᠦ ᠪᠣᠯᠬᠤ ᠴᠢᠳᠠᠪᠤᠷᠢ ᠶᠢ ᠴᠢᠩᠭᠠᠳᠬᠠᠨ᠎ᠠ︾᠂ ︽ᠦᠷ᠎ᠡ ᠪᠠ ᠲᠠᠷᠢᠶᠠᠨ ᠭᠠᠵᠠᠷ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠠ︾ ᠭᠡᠭᠦ ᠵᠡᠷᠭᠡ ᠪᠠᠶᠢᠷᠢᠯᠠᠭᠤᠯᠤᠯᠲᠠ ᠨᠢ ᠴᠥᠮ ᠲᠣᠰ ᠤᠳᠠᠭᠠᠨ ᠤ ᠬᠢᠵᠢᠭ ᠤᠨ ᠪᠠᠶᠢᠳᠠᠯ ᠳᠤ ᠢᠯᠡᠷᠡᠭᠰᠡᠨ ᠵᠠᠷᠢᠮ ᠬᠥᠭᠵᠢᠯᠲᠡ ᠶᠢᠨ ᠠᠮᠤᠷ ᠲᠦᠪᠰᠢᠨ ᠤ ᠬᠡᠮ ᠰᠣᠭᠤᠭ ᠲᠤ ᠰᠢᠭᠤᠳ ᠴᠢᠭᠯᠡᠭᠦᠯᠵᠡᠢ᠃       ᠬᠠᠩᠭᠠᠯᠭ᠎ᠠ ᠬᠡᠷᠡᠭᠴᠡᠭᠡ ᠶᠢ ᠨᠡᠩ ᠤᠨᠤᠪᠴᠢᠳᠠᠢ ᠵᠤᠬᠢᠴᠠᠯᠳᠤᠭᠤᠯᠪᠠ       ︽ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠭᠡᠬᠦ ᠡᠨᠡ ᠬᠦ ᠭᠤᠣᠯ ᠰᠢᠵᠢᠮ ᠢ ᠴᠢᠩᠭ᠎ᠠ ᠠᠳᠬᠤᠬᠤ︾ ᠶᠢᠨ ᠬᠠᠮᠲᠤ᠂ ᠬᠡᠷᠡᠭᠴᠡᠭᠡ ᠶᠢᠨ ᠲᠠᠯ᠎ᠠ ᠶᠢᠨ ᠬᠠᠮᠢᠶᠠᠷᠤᠯᠲᠠ ᠶᠢ ᠴᠤ ᠳᠤᠮᠳᠠᠳᠤ ᠤᠯᠤᠰ ᠤᠨ ᠠᠵᠤ ᠠᠬᠤᠢ ᠶᠢᠨ ᠠᠵᠢᠯ ᠤᠨ ᠡᠳᠦᠷ ᠲᠤᠳᠤᠮ ᠤᠨ ᠵᠥᠪᠯᠡᠬᠦ ᠵᠦᠢᠯ ᠳᠤ ᠣᠷᠣᠭᠤᠯᠪᠠ᠃       ᠳᠤᠮᠳᠠᠳᠤ ᠤᠯᠤᠰ ᠤᠨ ᠲᠦᠷᠦᠭᠦᠴᠢ ᠠᠵᠤ ᠠᠬᠤᠶ ᠶᠢᠨ ᠤᠬᠠᠭᠠᠨᠲᠠᠨ ᠤ ᠶᠠᠷᠢᠯᠴᠠᠭᠠᠨ ᠤ ᠲᠠᠪᠴᠠᠩ ᠤᠨ ᠬᠡᠷᠡᠭ ᠡᠷᠬᠢᠯᠡᠭᠴᠢᠳ ᠤᠨ ᠳᠠᠷᠤᠭ᠎ᠠ ᠯᠢᠶᠠᠨ ᠫᠢᠩ ᠤᠨ ᠦᠵᠡᠬᠦ ᠪᠠᠷ᠂ ᠲᠥᠪ ᠬᠤᠷᠢᠶᠠᠨ ᠤ ᠡᠨᠡ ᠬᠦ ᠠᠵᠢᠯᠯᠠᠭ᠎ᠠ ᠨᠢ ᠬᠠᠩᠭᠠᠯᠭ᠎ᠠ ᠶᠢᠨ ᠲᠠᠯ᠎ᠠ ᠶᠢᠨ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠠᠰ ᠲᠡᠪᠰᠢᠭᠦᠯᠵᠦ ᠬᠡᠷᠡᠭᠴᠡᠭᠡ ᠶᠢᠨ ᠲᠠᠯ᠎ᠠ ᠶᠢᠨ ᠳᠣᠲᠣᠭᠠᠳᠤ ᠬᠡᠷᠡᠭᠴᠡᠭᠡ ᠶᠢ ᠥᠷᠭᠡᠳᠬᠡᠵᠦ᠂ ᠬᠠᠩᠭᠠᠯᠭ᠎ᠠ ᠬᠡᠷᠡᠭᠴᠡᠭᠡ ᠶᠢᠨ ᠬᠤᠭᠤᠷᠣᠨᠳᠣᠬᠢ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠬᠦ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠭᠤᠤᠯᠳᠠᠯᠭ᠎ᠠ ᠪᠣᠯᠬᠤ ᠶᠢ ᠲᠣᠳᠣᠷᠬᠠᠶᠢᠯᠠᠭᠰᠠᠨ ᠪᠠᠶᠢᠨ᠎ᠠ᠃       ᠲᠡᠭᠦᠨ ᠤ ᠬᠡᠯᠡᠭᠰᠡᠨᠴᠢᠯᠡᠨ᠂ ᠳᠤᠮᠳᠠ ᠪᠠ ᠤᠷᠳᠤ ᠬᠤᠭᠤᠴᠠᠭᠠᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠭᠤᠣᠯ ᠱᠤᠭᠤᠮ ᠤᠨ ᠲᠣᠭᠤᠷᠢᠨ ᠳᠤ᠂ ᠡᠷᠬᠡᠪᠰᠢ ᠡᠭᠦᠨ ᠲᠠᠢ ᠵᠣᠬᠢᠴᠠᠯᠳᠤᠬᠰᠠᠨ ᠬᠡᠷᠡᠭᠴᠡᠭᠡ ᠶᠢᠨ ᠲᠠᠯ᠎ᠠ ᠶᠢᠨ ᠬᠠᠮᠢᠶᠠᠷᠤᠯᠲᠠ ᠪᠠᠶᠢᠬᠤ ᠬᠡᠷᠡᠭᠲᠡᠢ᠃ ᠸᠧᠨ ᠪᠢᠨ ᠵᠢᠭᠠᠬᠤ ᠳᠠᠭᠠᠨ᠂ ᠳᠤᠮᠳᠠ ᠪᠠ ᠣᠷᠳᠣ ᠬᠤᠭᠤᠴᠠᠭᠠᠨ ᠤ ᠬᠡᠷᠡᠭᠴᠡᠭᠡ ᠶᠢᠨ ᠲᠠᠯ᠎ᠠ ᠶᠢᠨ ᠬᠠᠮᠢᠶᠠᠷᠤᠯᠲᠠ ᠶᠢᠨ ᠠᠵᠢᠯ ᠢ ᠴᠠᠭ ᠲᠤᠬᠠᠶ ᠳᠤᠨᠢ ᠡᠬᠢᠯᠡᠭᠦᠯᠬᠦ ᠨᠢ ᠣᠳᠣᠬᠠᠨ ᠤ ᠬᠠᠩᠭᠠᠯᠭ᠎ᠠ ᠬᠡᠷᠡᠭᠴᠡᠭᠡ ᠶᠢᠨ ᠬᠤᠭᠤᠷᠣᠨᠳᠣᠬᠢ ᠣᠷᠳᠣ ᠣᠬᠤᠷ ᠪᠤᠷᠤᠭᠤ ᠵᠤᠬᠢᠴᠠᠯᠳᠤᠭᠤᠯᠬᠤ ᠠᠰᠠᠭᠤᠳᠠᠯ ᠢ ᠨᠠᠮᠳᠠᠭᠤᠯᠵᠤ᠂ ᠨᠢᠭᠡ ᠴᠡᠭ ᠠᠴᠠ ᠨᠡᠶᠢᠲᠡᠮ ᠢ ᠲᠠᠶᠢᠴᠢᠯᠠᠬᠤ ᠦᠷ᠎ᠡ ᠪᠦᠲᠦᠮᠵᠢ ᠶᠢ ᠪᠣᠶ ᠪᠣᠯᠭᠠᠬᠤ ᠳᠤ ᠠᠰᠢᠭᠲᠠᠶ ᠪᠠᠶᠢᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠳᠤ ᠪᠣᠳᠠᠲᠠᠶ ︽ᠠᠵᠢᠯᠯᠠᠭᠠᠨ ᠤ ᠵᠦᠭᠯᠡᠭᠦᠷ︾ ᠬᠠᠩᠭᠠᠬᠤ ᠪᠣᠯᠤᠨ᠎ᠠ ᠬᠡᠪᠡ᠃       ᠵᠠᠬ᠎ᠠ ᠳᠡᠯᠭᠡᠭᠦᠷ ᠤᠨ ᠡᠷᠬᠡ ᠲᠡᠭᠰᠢ ᠪᠠᠶᠢᠬᠤ ᠱᠠᠭᠠᠷᠳᠠᠯᠭ᠎ᠠ ᠨᠠᠩ ᠴᠢᠩᠭ᠎ᠠ ᠪᠤᠯᠪᠠ       ︽ᠭᠠᠭᠴᠠᠭᠠᠷ ᠡᠵᠡᠮᠰᠢᠯ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠬᠦᠷᠦᠩᠭᠡ ᠶᠢᠨ ᠡᠮᠬᠢ ᠵᠢᠷᠤᠮ ᠦᠭᠡᠢ ᠪᠠᠷ ᠥᠷᠭᠡᠳᠬᠦ ᠶᠢ ᠰᠡᠷᠭᠡᠶᠢᠯᠡᠨ ᠬᠤᠷᠢᠬᠯᠠᠨ᠎ᠠ︾᠂ ᠢᠷᠡᠬᠦ ᠵᠢᠯ ᠤᠨ ᠭᠤᠣᠯᠳᠠᠯᠭ᠎ᠠ ᠲᠠᠢ ᠠᠵᠤ ᠠᠬᠤᠢ ᠶᠢᠨ ᠡᠭᠦᠷᠭᠡ ᠶᠢᠨ ᠵᠢᠭᠰᠠᠭᠠᠯᠲᠠ ᠳᠤ ᠠᠩᠬ᠎ᠠ ᠤᠳᠠᠭ᠎ᠠ ᠢᠯᠡᠷᠡᠭᠰᠡᠨ ᠡᠨᠡ ᠬᠦ ᠥᠭᠦᠯᠡᠯᠲᠡ ᠨᠢ ᠴᠦ ᠬᠥᠮᠦᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠡᠨᠡ ᠨᠢ ᠭᠤᠤᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠬᠤ ᠲᠤᠬᠠᠶ ᠠᠯᠪᠠᠨ ᠤ ᠲᠠᠯ᠎ᠠ ᠶᠢᠨ ᠱᠠᠭᠠᠷᠳᠠᠯᠭ᠎ᠠ ᠨᠠᠩ  ᠴᠢᠩᠭᠠᠷᠠᠬᠰᠠᠨ ᠢ ᠬᠠᠷᠠᠭᠤᠯᠵᠤ ᠪᠠᠶᠢᠨ᠎ᠠ᠃       ᠯᠢᠶᠠᠨ ᠫᠢᠩ ᠬᠡᠯᠡᠭᠦ ᠳᠡᠭᠡᠨ᠂ ᠡᠭᠦᠨ ᠤ ᠴᠢᠬᠤᠯᠠ ᠶᠡᠭᠡ ᠠᠴᠢ ᠬᠤᠯᠪᠣᠭᠳᠠᠯ ᠨᠢ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄ ᠨᠢᠭᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠬᠤ︾ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠠᠶᠠᠯᠢᠭᠵᠢᠭᠤᠯᠪᠠ︔ ᠬᠤᠶᠠᠷ ᠲᠤ᠂ ᠭᠠᠭᠴᠠᠭᠠᠷ ᠡᠵᠡᠮᠰᠢᠯ ᠢ ᠡᠰᠡᠷᠭᠦᠴᠡᠬᠦ ᠨᠢ ᠳᠤᠮᠳᠠ ᠪᠠᠭ᠎ᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠬᠥᠭᠵᠢᠭᠡᠵᠦ ᠬᠠᠮᠠᠭᠠᠯᠠᠬᠤ ᠳᠤ ᠠᠰᠢᠭᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠳᠤ ᠠᠬᠤᠶᠢᠴᠢ ᠠᠴᠢ ᠬᠤᠯᠪᠣᠭᠳᠠᠯ ᠲᠠᠢ ᠶᠤᠮ︔ ᠭᠤᠷᠪᠠ ᠳᠤ ᠭᠠᠭᠴᠠᠭᠠᠷ ᠡᠵᠡᠮᠰᠢᠯ ᠢ ᠡᠰᠡᠷᠭᠦᠴᠡᠬᠦ ᠨᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ᠂ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠳᠤ ᠠᠰᠢᠭᠲᠠᠢ ᠶᠤᠮ ᠭᠡᠪᠡ᠃http://mongol.people.com.cn/15833656.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号