ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠲᠠᠩᠰᠠ ᠮᠦᠡᠭᠭᠦ ᠶᠢ ᠦᠷᠢᠳᠦᠵᠦ ᠤᠳᠠᠭᠠᠰᠢᠷᠠᠭᠤᠯᠪᠠᠯ ᠬᠠᠮᠲᠤᠷᠠᠨ ᠵᠠᠯᠬᠠᠭᠠᠨ ᠴᠡᠭᠡᠷᠯᠡᠭᠦᠯᠦᠨ᠎ᠠ
ᠨᠡᠶᠢᠲᠡᠯᠡᠭᠰᠡᠨ ᠴᠠᠭ᠄
2020/12/29
       ᠰᠢᠨᠬᠤᠸᠠ ᠬᠤᠷᠢᠶᠠᠨ ᠤ ᠬᠥᠬᠡᠬᠤᠲᠠ ᠶᠢᠨ 12 ᠰᠠᠷ᠎ᠠ ᠶᠢᠨ 25 ᠤ ᠡᠳᠦᠷ ᠤᠨ ᠮᠡᠳᠡᠭᠡ ︵ᠰᠤᠷᠪᠤᠯᠵᠢᠯᠠᠭᠴᠢ ᠠᠨ ᠯᠦ ᠮᠧᠩ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠣᠶᠢᠷ᠎ᠠ ᠳᠤ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠷᠢᠲᠦᠬᠦ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠷᠢᠲᠦᠬᠦ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠷᠢᠲᠦᠬᠦ ᠡᠯ᠎ᠡ ᠵᠦᠢᠯ ᠤᠨ ᠠᠰᠠᠭᠤᠳᠠᠯ ᠡᠭᠦᠰᠬᠦ ᠶᠢ ᠬᠤᠷᠢᠬᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠳᠤ᠂ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠪᠣᠯᠤᠨ ᠲᠣᠮᠣ ᠬᠡᠯᠪᠡᠷᠢ ᠶᠢᠨ ᠠᠵᠤ ᠠᠬᠤᠶᠢᠯᠠᠯ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠭᠬᠦ ᠪᠠᠨ ᠬᠤᠶᠢᠰᠢᠯᠠᠭᠤᠯᠤᠨ ᠤᠳᠠᠭᠠᠰᠢᠷᠠᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠦᠨ᠎ᠡ᠃       ᠤᠷᠢᠳᠴᠢᠯᠠᠨ ᠰᠡᠷᠭᠡᠶᠢᠯᠡᠬᠦ ᠲᠣᠭᠲᠠᠴᠠ ᠠᠴᠠ ᠦᠵᠡᠪᠡᠯ᠂ ᠥᠪᠥᠷ ᠮᠣᠩᠭᠤᠯ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠪᠠᠯᠠ ᠮᠥᠩᠭᠦ ᠶᠢ ᠭᠦᠢᠴᠡᠳ ᠲᠤᠭ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠵᠤ᠂ ᠪᠠᠷᠢᠯᠭ᠎ᠠ ᠪᠠᠷᠢᠬᠤ ᠨᠢᠭᠡᠴᠡ ᠠᠴᠠ ᠤᠷᠢᠳ ᠢᠶᠠᠷ ᠣᠷᠣᠯᠠᠨ ᠦᠭᠴᠦ ᠪᠣᠯᠬᠤ ᠥᠬᠡᠶ ᠭᠡᠵᠦ ᠱᠠᠭᠠᠷᠳᠠᠪᠠ᠃ ᠡᠭᠦᠨ ᠤ ᠬᠠᠮᠳᠤ ᠵᠣᠭᠤᠰ ᠥᠭᠬᠦ ᠬᠠᠮᠤᠭ ᠤᠨ ᠤᠷᠳᠦ ᠬᠤᠭᠤᠴᠠᠭ᠎ᠠ ᠶᠢ ᠲᠣᠭᠲᠠᠭᠠᠪᠠ᠃ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠡᠳ᠋ ᠪᠠᠷᠠᠭ᠎ᠠ᠂ ᠪᠠᠷᠢᠯᠭ᠎ᠠ᠂ ᠦᠢᠯᠡᠴᠢᠯᠡᠭᠡ ᠶᠢ ᠬᠤᠳᠠᠯᠳᠤᠨ ᠠᠪᠬᠤ ᠳᠤ ᠬᠦᠷᠪᠡᠯ᠂ ᠲᠤᠰᠢᠶᠠᠵᠤ ᠭᠠᠷᠳᠠᠭᠤᠯᠤᠬᠰᠠᠨ ᠡᠳᠦᠷ ᠠᠴᠠ ᠡᠬᠢᠯᠡᠨ 30 ᠡᠳᠦᠷ ᠤᠨ ᠲᠤᠳᠤᠷ᠎ᠠ ᠵᠤᠭᠤᠰ ᠢ ᠨᠢ ᠦᠭᠭᠦ ᠬᠡᠷᠡᠭᠲᠡᠢ᠂ ᠬᠡᠷ᠎ᠠ ᠳᠤ ᠠᠰᠳᠠᠭᠠᠨ ᠪᠤᠯᠵᠤᠨ ᠲᠤᠬᠳᠠᠬᠰᠠᠨ ᠪᠠᠶᠢᠪᠠᠯ᠂ ᠵᠣᠭᠤᠰ ᠥᠭᠬᠦ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ 60 ᠡᠳᠦᠷ ᠠᠴᠠ ᠬᠡᠲᠦᠷᠡᠭᠦᠯᠵᠦ ᠪᠣᠯᠬᠤ ᠦᠭᠡᠢ᠃       ᠪᠠᠲᠤᠯᠠᠭ᠎ᠠ ᠶᠢᠨ ᠲᠣᠭᠲᠠᠴᠠ ᠶᠢᠨ ᠲᠠᠯ᠎ᠠ ᠪᠠᠷ᠂ ᠥᠪᠥᠷ ᠮᠣᠩᠭᠤᠯ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠨᠢ ᠬᠠᠷᠢᠭᠤᠴᠠᠯᠭᠠᠲᠠᠨ ᠬᠤᠪᠢᠷᠠᠬᠰᠠᠨ ᠪᠤᠶᠤ ᠭᠡᠷ᠎ᠡ ᠳᠤ ᠪᠣᠯᠵᠣᠨ ᠲᠤᠬᠳᠠᠭᠠᠳᠤᠢ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠴᠣᠬᠤᠯᠠᠪᠤᠷᠢᠯᠠᠬᠤ᠂ ᠲᠥᠰᠦᠪ ᠤᠨ ᠭᠦᠢᠴᠡᠳᠬᠡᠯ ᠢ ᠬᠢᠨᠠᠨ ᠪᠤᠳᠤᠬᠤ ᠶᠢ ᠬᠦᠯᠢᠶᠡᠬᠦ ᠵᠡᠷᠭᠡ ᠪᠠᠷ ᠰᠢᠯᠲᠠᠭ ᠪᠣᠯᠭᠠᠵᠤ᠂ ᠵᠤᠭᠤᠰ ᠦᠭᠭᠦ ᠶᠢ ᠬᠡᠯᠪᠡᠷᠢ ᠶᠢ ᠨᠢ ᠥᠭᠡᠷᠡᠲᠦᠭᠦᠯᠦᠨ ᠲᠡᠪᠴᠢᠬᠦ ᠪᠤᠶᠤ ᠵᠣᠭᠤᠰ ᠥᠭᠬᠦ ᠬᠤᠭᠤᠴᠠᠭ᠎ᠠ ᠶᠢ ᠨᠢ ᠤᠷᠲᠤᠳᠬᠠᠬᠤ ᠶᠢ ᠴᠢᠩᠭ᠎ᠠ ᠴᠠᠭᠠᠵᠠᠯᠠᠪᠠ᠃ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠪᠣᠯᠤᠨ ᠲᠣᠮᠣ ᠬᠡᠯᠪᠡᠷᠢ ᠶᠢᠨ ᠠᠵᠤ ᠠᠬᠤᠶᠢᠯᠠᠯ ᠴᠤ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠢ ᠠᠯᠪᠠᠳᠠᠵᠤ ᠪᠠᠶᠢᠭᠠᠳ ᠬᠤᠳᠠᠯᠳᠤᠭᠠᠨ ᠤ ᠭᠤᠪᠢᠭᠤᠯᠭ᠎ᠠ ᠶᠢᠨ ᠬᠠᠭᠤᠳᠠᠰᠤ ᠵᠡᠷᠭᠡ ᠪᠡᠯᠡᠨ ᠵᠣᠭᠤᠰ ᠤᠨ ᠪᠤᠰᠤ ᠠᠷᠭ᠎ᠠ ᠬᠡᠯᠪᠡᠷᠢ ᠪᠠᠷ ᠵᠤᠭᠤᠰ ᠦᠭᠭᠦ ᠶᠢ ᠬᠦᠯᠢᠶᠡᠠ ᠠᠪᠤᠭᠤᠯᠬᠤ ᠪᠠᠷ ᠠᠯᠪᠠᠳᠠᠵᠤ ᠪᠤᠯᠬᠤ ᠦᠭᠡᠢ᠃       ᠡᠭᠦᠨ ᠠᠴᠠ ᠭᠠᠳᠠᠨ᠎ᠠ᠂ ᠥᠪᠥᠷ ᠮᠣᠩᠭᠤᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ  ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠭᠬᠦ ᠶᠢ ᠬᠤᠶᠢᠰᠢᠯᠠᠭᠤᠯᠵᠤ ᠤᠳᠠᠭᠠᠰᠢᠷᠠᠭᠤᠯᠤᠬᠰᠠᠨ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠪᠠ᠃ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠪᠣᠯᠤᠨ ᠲᠣᠮᠣ ᠬᠡᠯᠪᠡᠷᠢ ᠶᠢᠨ ᠠᠵᠤ ᠠᠬᠤᠶᠢᠯᠠᠯ ᠤᠳ ᠲᠠᠩᠰᠠ ᠮᠦᠡᠭᠭᠦ ᠶᠢ ᠥᠭᠬᠦ ᠪᠠᠨ ᠬᠤᠶᠢᠰᠢᠯᠠᠭᠤᠯᠵᠤ ᠤᠳᠠᠭᠠᠰᠢᠷᠠᠭᠤᠯᠪᠠᠯ᠂ ᠭᠡᠷ᠎ᠡ ᠳᠤ ᠪᠣᠯᠵᠣᠨ ᠲᠣᠭᠲᠠᠭᠰᠠᠨ ᠬᠦᠦ ᠶᠢᠨ ᠨᠣᠷᠮ᠎ᠠ ᠶᠢᠨ ᠪᠠᠷᠢᠮᠵᠢᠶ᠎ᠠ ᠶᠣᠰᠣᠭᠠᠷ ᠬᠤᠭᠤᠴᠠᠭ᠎ᠠ ᠬᠡᠲᠦᠷᠡᠭᠰᠡᠨ ᠬᠦᠦ ᠮᠥᠩᠭᠦ ᠥᠭᠬᠦ ᠬᠡᠷᠡᠭᠲᠡᠶ᠂ ᠪᠣᠯᠵᠣᠨ ᠲᠣᠭᠲᠠᠭᠰᠠᠨ ᠦᠭᠡᠶ ᠪᠣᠯ ᠡᠳᠦᠷ ᠪᠦᠷᠢ ᠶᠢᠨ ᠬᠦᠦ ᠶᠢᠨ ᠨᠣᠷᠮ᠎ᠠ ᠶᠢᠨ ᠲᠦᠮᠡᠨ ᠬᠤᠪᠢ ᠶᠢᠨ ᠲᠠᠪᠤ ᠪᠠᠷ ᠬᠤᠭᠤᠴᠠᠭ᠎ᠠ ᠬᠡᠲᠦᠷᠡᠭᠰᠡᠨ ᠬᠦᠦ ᠮᠥᠩᠭᠦ ᠶᠢ ᠥᠭᠬᠦ ᠬᠡᠷᠡᠭᠲᠡᠶ᠃ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠨᠦᠭᠦᠳ ᠵᠢᠯ ᠪᠦᠷᠢ ᠶᠢᠨ 3 ᠰᠠᠷ᠎ᠠ ᠶᠢᠨ ᠰᠡᠭᠦᠯᠴᠢ ᠠᠴᠠ ᠡᠮᠦᠨ᠎ᠡ ᠲᠦᠷᠦᠭᠦᠦ ᠨᠢᠭᠡ ᠵᠢᠯ ᠤᠨ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠭᠭᠦᠭᠡᠳᠦᠢ ᠭᠡᠷ᠎ᠡ ᠶᠢᠨ ᠲᠤᠭ᠎ᠠ᠂ ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠢᠯᠡ ᠨᠡᠶᠢᠳᠡᠯᠡᠭᠦ ᠬᠡᠷᠡᠭᠲᠡᠶ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠭᠬᠦ ᠶᠢ ᠲᠡᠪᠴᠢᠬᠦ ᠪᠤᠶᠤ ᠬᠤᠶᠢᠰᠢᠯᠠᠭᠤᠯᠵᠤ ᠤᠳᠠᠭᠠᠰᠢᠷᠠᠭᠤᠯᠤᠬᠰᠠᠨ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠳᠤ᠂ ᠰᠠᠯᠠᠭ᠎ᠠ ᠮᠥᠴᠢᠷ ᠤᠨ ᠲᠥᠰᠦᠪ ᠢ ᠬᠠᠰᠤᠵᠤ ᠪᠠᠭᠠᠰᠬᠠᠨ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠪᠠᠷᠢᠮᠵᠢᠶ᠎ᠠ ᠶᠢ ᠪᠠᠭᠤᠷᠠᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠ ᠮᠦᠡᠭᠭᠦ ᠶᠢ ᠥᠷᠢᠲᠦᠭᠰᠡᠡ ︽ᠬᠠᠷ᠎ᠠ ᠲᠠᠩᠰᠠ︾ ᠶᠢᠨ ᠲᠦᠷᠢᠮ ᠢ ᠪᠠᠶᠢᠭᠤᠯᠵᠤ᠂ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃http://mongol.people.com.cn/15833954.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ