ᠣᠶᠢᠷ᠎ᠠ ᠳᠤ᠂ ᠤᠯᠤᠰ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ | ᠲᠣᠪᠴᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠣᠷᠣᠨ ᠤ ᠬᠡᠪᠴᠢᠶᠡᠨ ᠳᠤ ᠲᠤᠬᠳᠠᠬᠰᠠᠨ ᠴᠡᠭᠲᠦ ᠡᠮᠴᠢᠯᠡᠭᠡᠨ ᠤ | ᠪᠠᠶᠢᠭᠤᠯᠤᠮᠵᠢ ᠶᠢᠨ ᠲᠤᠰᠬᠠᠶ ᠵᠠᠰᠠᠯᠲᠠ ᠶᠢᠨ ︽ᠡᠷᠬᠢᠵᠤ ᠬᠠᠷᠠᠬᠤ︾ ᠠᠵᠢᠯ ᠢ ᠥᠷᠨᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠬᠠᠤᠯᠢ ᠲᠣᠭᠲᠠᠭᠠᠯ ᠠᠴᠠ | ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠵᠦ ᠪᠠᠶᠢᠭ᠎ᠠ ᠦᠢᠯᠡ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ ᠥᠭᠴᠦ᠂ ᠰᠠᠭᠤᠷᠢ | ᠮᠥᠩᠭᠦᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠪᠠ᠃ | ᠲᠤᠰᠬᠠᠢ ᠵᠠᠰᠠᠯᠳᠠ ᠶᠢᠨ ︽ᠡᠷᠬᠢᠵᠤ ᠬᠠᠷᠠᠬᠤ︾ ᠠᠵᠢᠯ 2021 ᠣᠨ ᠤ 1 ᠰᠠᠷ᠎ᠠ ᠶᠢᠨ 31 ᠤ ᠡᠳᠦᠷ ᠲᠡᠭᠦᠰᠦᠨᠠ᠂ ᠭᠤᠤᠯᠳᠠᠭᠤ ︽ᠢᠳᠡᠬᠦ | ᠰᠠᠭᠤᠬᠤ ᠶᠢ ᠳᠠᠭᠠᠭᠠᠴᠢᠯᠠᠬᠤ᠂ ᠦᠨ᠎ᠡ ᠲᠥᠯᠥᠪᠦᠷᠢ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠬᠦ᠂ ᠲᠡᠷᠭᠡ ᠪᠠᠷ ᠲᠤᠰᠴᠤ ᠬᠦᠷᠭᠡᠬᠦ︾ ᠵᠡᠷᠭᠡ ᠨᠡᠷ᠎ᠡ ᠶᠢ | ᠠᠰᠢᠬᠯᠠᠬᠤ ᠪᠤᠶᠤ ︽ᠦᠨ᠎ᠡ ᠲᠥᠯᠥᠪᠦᠷᠢ ᠲᠠᠢ ᠪᠠᠷ ᠲᠠᠨᠢᠯᠴᠠᠭᠤᠯᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠨᠡᠯᠭᠡ ᠳᠤ ᠡᠮᠨᠡᠭᠦᠯᠭᠦ ᠳᠤ ᠥᠯᠥ | ᠨᠡᠶᠢᠴᠡᠬᠦ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠢ ᠥᠳᠥᠭᠡᠨ ᠡᠮᠨᠡᠯᠭᠡ ᠳᠤ ᠰᠠᠭᠤᠯᠭᠠᠬᠤ ᠵᠡᠷᠭᠡ ᠪᠠᠷ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ︔ ᠣᠷᠣ ᠡᠵᠡᠯᠡᠭᠦ᠂ ᠬᠥᠮᠦᠨ ᠤ ᠨᠡᠷ᠎ᠡ ᠪᠠᠷ ᠣᠷᠣᠯᠠᠬᠤ ᠵᠡᠷᠭᠡ ᠠᠷᠭ᠎ᠠ ᠪᠠᠷᠢᠯ ᠢ | ᠠᠪᠴᠤ᠂ ᠪᠣᠳᠠᠲᠠᠶ ᠡᠮᠨᠡᠯᠭᠡ ᠳᠤ ᠰᠠᠭᠤᠵᠤ ᠡᠮᠨᠡᠭᠦᠯᠦᠭᠰᠡᠨ ᠥᠬᠡᠶ ᠡᠪᠡᠳᠴᠢᠲᠡᠨ ᠳᠤ ᠣᠨᠣᠰᠢᠯᠠᠨ ᠡᠮᠨᠡᠬᠦ ᠲᠥᠷᠥᠯ ᠵᠦᠢᠯ ᠵᠣᠬᠢᠶᠠᠬᠤ᠂ ᠡᠮᠴᠢᠯᠡᠭᠡᠨ ᠤ ᠪᠢᠴᠢᠭ | ᠬᠠᠷ᠎ᠠ ᠶᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ | ᠠᠵᠢᠯᠯᠠᠭ᠎ᠠ ᠶᠢ ᠴᠡᠭᠴᠡᠯᠡᠨ ᠵᠠᠰᠠᠨ᠎ᠠ᠃ | ᠡᠯ᠎ᠡ ᠭᠠᠵᠠᠷ ᠤᠨ ᠬᠢᠨ ᠡᠮᠴᠢᠯᠡᠭᠡᠨ ᠤ ᠳᠠᠭᠠᠳᠬᠠᠯ ᠤᠨ ᠣᠶᠤᠨᠴᠢ ᠬᠢᠨᠠᠨ ᠬᠠᠷᠭᠤᠭᠤᠯᠤᠯᠲᠠ᠂ ᠣᠶᠤᠨᠴᠢ ᠬᠢᠨᠠᠨ ᠡᠵᠡᠮᠳᠡᠬᠦ ᠮᠡᠳᠡᠭᠡ ᠵᠠᠩᠭᠢ ᠶᠢᠨ | ᠰᠢᠰᠲ᠋ᠧᠮ ᠵᠡᠷᠭᠡ ᠲᠣᠮᠣ ᠳ᠋ᠠᠶᠢᠲ᠋ᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠪᠠᠨ ᠳᠣᠲᠣᠷᠠᠬᠢ 2020 ᠣᠨ ᠤ ᠡᠮᠨᠡᠯᠭᠡ ᠳᠤ ᠰᠠᠭᠤᠬᠰᠠᠨ | ᠤᠳᠠᠭ᠎ᠠ ᠲᠠᠷᠠᠭ᠎ᠠ ᠨᠢ ᠨᠡᠯᠢᠶᠡᠳ ᠥᠨᠳᠥᠷ᠂ ᠡᠮᠨᠡᠯᠭᠡ ᠳᠤ ᠰᠠᠭᠤᠬᠰᠠᠨ ᠴᠠᠭ ᠨᠢ ᠨᠡᠯᠢᠶᠡᠳ ᠲᠥᠪᠯᠡᠷᠡᠩᠭᠦᠢ᠂ ᠡᠮᠨᠡᠯᠭᠡ ᠠᠴᠠ ᠭᠠᠷᠴᠤ ᠲᠠᠩᠰᠠ ᠲᠠᠶᠢᠯᠤᠬᠰᠠᠨ | ᠵᠣᠭᠤᠰ ᠤᠨ ᠲᠤᠭ᠎ᠠ ᠨᠢ ᠤᠢᠢᠷᠠᠯᠴᠠᠭ᠎ᠠ ᠲᠣᠭᠲᠠᠭᠠᠯ ᠠᠴᠠ ᠵᠥᠷᠢᠴᠡᠨ ᠡᠮᠨᠡᠯᠭᠡ ᠳᠤ ᠰᠠᠭᠤᠵᠤ ᠲᠡᠰᠦᠯᠦᠨ ᠪᠤᠳᠤᠭᠰᠠᠨ ᠰᠡᠵᠢᠭᠯᠡᠯᠲᠡᠶ ᠲᠤᠭ᠎ᠠ ᠪᠠᠷᠢᠮᠲᠠ ᠶᠢ | ᠰᠢᠭᠰᠢᠨ ᠪᠠᠶᠢᠴᠠᠭᠠᠬᠤ ᠬᠡᠷᠡᠭᠲᠡᠶ᠃ ᠦᠨᠳᠦᠰᠦᠨ ᠱᠠᠲᠤᠨ ᠤ ᠲᠤᠬᠳᠠᠬᠰᠠᠨ ᠴᠡᠭᠲᠦ ᠡᠮᠴᠢᠯᠡᠭᠡᠨ ᠤ ᠪᠠᠶᠢᠭᠤᠯᠤᠮᠵᠢ ᠪᠠ ᠠᠷᠠᠳ ᠠᠴᠠ ᠡᠵᠡᠩᠨᠡᠭᠰᠡᠨ ᠡᠮᠨᠡᠯᠭᠡ ᠶᠢᠨ | ᠬᠤᠷᠢᠶ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠲᠠᠩᠰᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ᠂ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ | ᠲᠠᠪᠤᠨ ᠪᠠᠲᠤᠯᠠᠭᠠᠲᠤ ᠡᠷᠦᠬᠡ᠂ ᠨᠠᠰᠤᠲᠠᠶᠢᠴᠤᠳ ᠤᠨ ᠬᠥᠩᠭᠡᠨ ᠡᠪᠡᠳᠴᠢᠲᠡᠨ ᠤ ᠡᠮᠨᠡᠯᠭᠡ ᠳᠤ ᠰᠠᠭᠤᠵᠤ ᠳ᠋ᠦᠩᠨᠡᠨ ᠪᠤᠳᠤᠭᠰᠠᠨ ᠪᠠᠶᠢᠳᠠᠯ ᠢ ᠭᠤᠤᠯᠳᠠᠯᠭ᠎ᠠ ᠲᠠᠢ | ᠪᠠᠶᠢᠴᠠᠭᠠᠬᠤ ᠬᠡᠷᠡᠭᠲᠡᠶ᠃ ᠡᠯ᠎ᠡ ᠨᠢᠭᠡᠳᠦᠯᠲᠡᠶ ᠲᠦᠯᠦᠪᠵᠢᠭᠦᠯᠭᠦ ᠣᠷᠣᠨ ᠤ ᠬᠤᠭᠤᠷᠣᠨᠳᠣ᠂ ᠨᠢᠭᠡᠳᠦᠯᠲᠡᠶ ᠲᠦᠯᠦᠪᠵᠢᠭᠦᠯᠭᠦ ᠣᠷᠣᠨ ᠤ ᠳᠣᠲᠣᠷ᠎ᠠ ᠰᠤᠯᠪᠢᠴᠠᠯ | ᠮᠠᠶ᠋ᠢᠬ ᠢᠶᠠᠷ ᠬᠠᠷᠢᠯᠴᠠᠨ ᠪᠠᠶᠢᠴᠠᠭᠠᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠬᠤᠰᠢᠭᠤ ᠰᠢᠶᠠᠨ ︵ᠲᠣᠭᠤᠷᠢᠭ︶ ᠨᠢᠭᠡ ᠪᠦᠷᠢ ᠨᠢ 3 ᠲᠤᠬᠳᠠᠬᠰᠠᠨ | ᠴᠡᠭᠲᠦ ᠡᠮᠴᠢᠯᠡᠭᠡᠨ ᠤ ᠪᠠᠶᠢᠭᠤᠯᠤᠮᠵᠢ ᠶᠢ ᠲᠤᠬᠠᠶ ᠶᠢᠨ ᠲᠠᠯᠠᠪᠠᠶ ᠳᠤ ᠪᠠᠶᠢᠴᠠᠭᠠᠬᠤ ᠭᠤᠣᠯᠳᠠᠯᠭ᠎ᠠ ᠲᠠᠢ ᠡᠲᠡᠭᠡᠳ ᠪᠣᠯᠭᠠᠬᠤ ᠬᠡᠷᠡᠭᠲᠡᠶ᠃ ᠰᠡᠵᠢᠭᠯᠡᠯᠲᠡᠶ | ᠰᠦᠪᠡᠭᠴᠢ ᠶᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠡᠪᠡᠳᠴᠢᠨ ᠤ ᠲᠡᠮᠳᠡᠭᠯᠡᠯ ᠢ ᠬᠢᠨᠠᠨ ᠪᠠᠶᠢᠴᠠᠭᠠᠬᠤ᠂ ᠰᠤᠷᠪᠤᠯᠵᠢᠯᠠᠨ ᠪᠠᠶᠢᠴᠠᠭᠠᠬᠤ᠂ | ᠬᠡᠨᠡᠳᠲᠡ ᠶᠢᠨ ᠴᠢᠨᠠᠷᠲᠠᠢ ᠪᠠᠶᠢᠴᠠᠭᠠᠬᠤ ᠠᠵᠢᠯ ᠢ ᠥᠷᠨᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠦᠷᠢᠨ ᠪᠥᠷᠬᠦᠭᠦᠯᠬᠦ ᠬᠡᠷᠡᠭᠲᠡᠢ᠃ | ᠲᠤᠬᠳᠠᠬᠰᠠᠨ ᠴᠡᠭᠲᠦ ᠡᠮᠴᠢᠯᠡᠭᠡᠨ ᠤ ᠪᠠᠶᠢᠭᠤᠯᠤᠮᠵᠢ ᠨᠢ ᠪᠠᠶᠢᠴᠠᠭᠠᠯᠲᠠ ᠪᠠᠷ ᠳᠡᠮᠵᠢᠨ ᠳᠠᠭᠠᠳᠬᠠᠯ ᠢ ᠮᠡᠬᠡᠯᠡᠨ ᠠᠪᠤᠬᠰᠠᠨ ᠦᠢᠯᠡ ᠠᠵᠢᠯᠯᠠᠭ᠎ᠠ | ᠣᠷᠣᠰᠢᠵᠤ ᠪᠠᠶᠢᠪᠠᠯ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢ ᠨᠢ ᠪᠤᠴᠠᠭᠠᠯᠭᠠᠬᠤ ᠶᠢᠨ ᠬᠠᠮᠲᠤ ᠮᠡᠬᠡᠯᠡᠨ ᠠᠪᠤᠭᠰᠠᠨ ᠵᠣᠭᠤᠰ ᠤᠨ ᠲᠤᠭ᠎ᠠ ᠶᠢᠨ 2 ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ | ᠵᠣᠭᠤᠰ ᠢᠶᠠᠷ ᠲᠣᠷᠭᠠᠵᠤ᠂ ᠲᠤᠬᠳᠠᠬᠰᠠᠨ ᠴᠡᠭᠲᠦ ᠡᠮᠴᠢᠯᠡᠭᠡᠨ ᠤ ᠪᠠᠶᠢᠭᠤᠯᠤᠮᠵᠢ ᠶᠢ ᠵᠠᠷᠯᠢᠭᠳᠠᠵᠤ ᠪᠠᠶᠢᠭᠠᠳ ᠡᠮᠴᠢᠯᠡᠭᠡᠨ ᠤ ᠳᠠᠭᠠᠳᠬᠠᠯ ᠤᠨ ᠲᠤᠬᠳᠠᠬᠰᠠᠨ | ᠴᠡᠭᠲᠦ ᠦᠢᠯᠡᠴᠢᠯᠡᠭᠡ ᠪᠤᠶᠤ ᠦᠢᠯᠡᠴᠢᠯᠡᠭᠡᠨ ᠤ ᠵᠥᠪᠳᠡᠯᠴᠡᠬᠡᠷ ᠢ ᠨᠢ ᠲᠦᠷ ᠵᠣᠭᠰᠣᠭᠠᠬᠤ ᠬᠡᠷᠡᠭᠲᠡᠶ᠃ ᠲᠣᠭᠲᠠᠭᠰᠠᠨ ᠴᠡᠭᠲᠦ ᠡᠮᠴᠢᠯᠡᠭᠡᠨ ᠤ | ᠪᠠᠶᠢᠭᠤᠯᠤᠮᠵᠢ ᠶᠢᠨ ᠬᠠᠮᠢᠶ᠎ᠠ ᠪᠥᠬᠦᠶ ᠡᠮᠨᠡᠯᠭᠡ ᠶᠢᠨ ᠠᠵᠢᠯᠲᠠᠨ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠳᠬᠡᠨ | ᠲᠣᠷᠭᠠᠬᠤ ᠬᠡᠷᠡᠭᠲᠡᠶ᠃ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠠᠵᠢᠯᠳᠠᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠢ | ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠡᠮᠴᠢᠯᠡᠭᠡᠨ ᠤ ᠳᠠᠭᠠᠳᠬᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠨ ᠠᠵᠢᠯᠲᠠᠨ | ᠨᠢ ᠪᠠᠶᠢᠴᠠᠭᠠᠬᠤ ᠪᠠᠷ ᠳᠡᠮᠵᠢᠨ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ | ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠳᠠᠯ ᠣᠷᠣᠰᠢᠵᠤ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ | ᠬᠠᠷᠢᠭᠤᠴᠠᠯᠭ᠎ᠠ ᠲᠤᠯᠭᠠᠬᠤ ᠬᠡᠷᠡᠭᠲᠡᠶ᠃ ︵ᠰᠤᠷᠪᠤᠯᠵᠢᠯᠠᠭᠴᠢ ᠾᠦᠸᠧ ᠰᠢᠶᠤᠤ ᠴᠢᠩ︶ | http://mongol.people.com.cn/15833955.html |