︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ 12 ᠰᠠᠷ᠎ᠠ ᠶᠢᠨ 4 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2020/12/3
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ ︽ᠲᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠦᠬᠡᠷᠡᠴᠢᠯᠡᠯᠡᠳᠡ ᠶᠢ ᠠᠬᠢᠭᠤᠯᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠤ 38 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ  ᠪᠠᠳᠣᠯᠭᠠᠳ᠂ ︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ  ᠬᠠᠮᠢᠶᠠᠷᠣᠯᠳᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ 11 ᠰᠠᠷ᠎ᠠ ᠶᠢᠨ 4 ᠤ ᠡᠳᠦᠷ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ 12 ᠰᠠᠷ᠎ᠠ ᠶᠢᠨ 4 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 12 ᠰᠠᠷ᠎ᠠ ᠶᠢᠨ 1 ᠤ ᠡᠳᠦᠷ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠠᠷᠭ᠎ᠠ︾ ᠳᠤ  ᠨᠠᠷᠢᠨ ᠲᠠᠶᠢᠯᠤᠮᠵᠢ ᠬᠢᠪᠠ᠃    ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ  ᠲᠣᠪᠴᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠱᠣ᠋ ᠴᠢᠩ ᠤᠨ  ᠲᠠᠨᠢᠯᠴᠠᠭᠤᠯᠣᠭᠰᠠᠨ ᠢᠶᠠᠷ᠂ ︽ᠠᠷᠭ᠎ᠠ︾ ᠶᠢ ᠨᠡᠶᠢᠲᠡᠯᠡᠭᠰᠡᠨ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠬᠦ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠬᠡᠷᠡᠭᠴᠡᠭᠡ ᠮᠥᠨ︔ ᠮᠠᠨ ᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠲᠡᠭᠦᠯᠳᠡᠷᠵᠢᠭᠦᠯᠬᠦ ᠶᠡᠷᠣᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢᠨ ᠬᠡᠷᠡᠭᠴᠡᠭᠡ ᠮᠥᠨ ︔ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠰᠢᠢᠳᠪᠣᠷᠢᠯᠡᠬᠦ ᠶᠢᠨ ᠬᠡᠷᠡᠭᠴᠡᠭᠡ ᠮᠥᠨ᠃     ᠣᠶᠢᠷ᠎ᠠ ᠶᠢᠨ ᠵᠢᠯ ᠳᠤ᠂ ᠮᠠᠨ ᠤ ᠬᠤᠲᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠣᠶᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠭᠠᠵᠠᠷ ᠰᠢᠷᠣᠶ ᠠᠭᠤᠷᠬᠠᠶ ᠶᠢᠨ ᠭᠠᠷᠤᠯᠲᠠ᠂ ᠤᠯᠤᠰ ᠤᠨ ᠥᠮᠴᠢᠯᠡᠯ ᠤᠨ ᠡᠷᠬᠡ ᠶᠢᠨ ᠠᠷᠠᠯᠵᠢᠶ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠨᠢᠢᠳᠭᠡᠬᠦ ᠡᠷᠴᠢᠮ ᠢᠶᠠᠨ ᠴᠢᠩᠭᠠᠷᠠᠭᠤᠯᠵᠤ  ᠂ ᠪᠦᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠨᠢᠭᠡᠳᠦᠯᠲᠡᠶ ᠲᠠᠪᠴᠠᠩ ᠢ ᠪᠠᠶᠢᠭᠤᠯᠪᠠ᠃ ᠨᠢᠢᠳᠭᠡᠬᠦ ᠠᠵᠢᠯ ᠢᠯᠡᠳᠲᠡ ᠦᠷ᠎ᠡ ᠪᠦᠲᠦᠮᠵᠢ ᠣᠯᠪᠠ᠃ ᠭᠡᠪᠡᠴᠦ ᠮᠠᠨ ᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠠᠮᠢᠶᠠᠷᠤᠯᠲᠠ ᠶᠢᠨ ᠠᠵᠢᠯ᠊ ᠳᠤ ᠪᠠᠰᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠣᠯᠳᠠ ᠶᠢᠨ ᠪᠠᠶᠢᠭᠤᠯᠤᠮᠵᠢ ᠬᠠᠷᠠᠬᠠᠨ ᠪᠦᠷᠢᠮᠦᠰᠦᠨ ᠰᠢᠯᠤᠭᠤᠳᠬᠠᠭᠠᠳᠤᠢ ᠪᠠᠶᠢᠭᠰᠠᠭᠠᠷ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠪᠠᠶᠢᠭᠤᠯᠤᠮᠵᠢ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠴᠢᠯᠡᠭᠡᠨ ᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠯᠠᠯ ᠲᠣᠳᠣᠷᠬᠠᠶ ᠦᠭᠡᠶ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠤᠷᠠᠭ ᠵᠠᠩᠭᠢ ᠠᠵᠢᠯ ᠲᠥᠷᠥᠯ ᠤᠨ ᠬᠠᠷᠰᠢ ᠰᠠᠭᠠᠳ ᠢ ᠪᠦᠷᠢᠮᠦᠰᠦᠨ ᠠᠷᠢᠯᠭᠠᠭᠠᠳᠤᠶ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠤᠭ᠎ᠠ ᠪᠠᠷᠢᠮᠲᠠ ᠬᠤᠴᠣᠷᠤᠩᠭᠤᠶ ᠮᠥᠷᠲᠡᠭᠡᠨ ᠪᠦᠷᠢᠨ ᠪᠢᠰᠢ ᠵᠡᠷᠭᠡ ᠠᠰᠠᠭᠤᠳᠠᠯ ᠤᠳ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠶᠢ ᠲᠡᠭᠦᠯᠳᠡᠷᠵᠢᠭᠦᠯᠬᠦ ᠶᠢ ᠲᠤᠯᠭᠠᠮ ᠱᠠᠭᠠᠷᠳᠠᠵᠤ  ᠪᠠᠶᠢᠨ᠎ᠠ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠯ᠎ᠠ ᠶᠢᠨ ᠲᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ  ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ  ᠲᠡᠬᠦᠯᠳᠡᠷᠵᠢᠭᠦᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠡᠰ ᠳᠠᠷᠠᠭᠠᠯᠠᠯ ᠪᠣᠯᠤᠨ ᠦᠢᠯᠡ ᠠᠵᠢᠯᠯᠠᠭ᠎ᠠ ᠶᠢ ᠵᠢᠷᠣᠮᠵᠢᠭᠤᠯᠵᠣ᠂ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠯ᠎ᠠ ᠶᠢᠨ ᠵᠠᠰᠠᠭ ᠤᠨ ᠣᠷᠳᠣᠨ ᠤ ᠵᠢᠷᠣᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠴᠢᠬᠤᠯᠠᠲᠠᠶ᠃ ᠬᠥᠬᠡᠬᠤᠲᠠ ᠶᠢᠨ ᠣᠯᠠᠨ ᠨᠡᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠠᠤᠯᠢ ᠲᠦᠷᠢᠮ ᠤᠨ ᠪᠠᠲᠤᠯᠠᠭ᠎ᠠ ᠬᠠᠩᠭᠠᠵᠤ᠂ ᠬᠥᠬᠡᠬᠤᠲᠠ ᠶᠢᠨ ᠣᠯᠠᠨ ᠨᠡᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠦᠷᠢᠶ᠎ᠡ ᠬᠡᠪᠴᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃    ︽ᠠᠷᠭ᠎ᠠ︾ ᠨᠢ ᠨᠡᠶᠢᠲᠡ ᠵᠢᠷᠭᠤᠭᠠᠨ ᠪᠦᠯᠦᠭ 35 ᠵᠦᠢᠯ᠃  ᠭᠤᠤᠯᠳᠠᠭᠤ ᠶᠡᠷᠦᠩᠬᠡᠶ ᠳᠦᠷᠢᠮ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠡᠭᠦᠷᠭᠡ ᠬᠠᠷᠢᠭᠤᠴᠠᠯᠭ᠎ᠠ᠂ ᠠᠷᠠᠯᠵᠢᠶᠠᠨ ᠤ ᠬᠦᠷᠢᠶ᠎ᠡ ᠬᠡᠪᠴᠢᠶ᠎ᠡ᠂ ᠠᠷᠠᠯᠵᠢᠶᠠᠨ ᠤ ᠳᠡᠰ ᠳᠠᠷᠠᠭᠠᠯᠠᠯ ᠵᠢᠴᠢ ᠳᠦᠷᠢᠮ᠂ ᠬᠢᠨᠠᠯᠲᠠ ᠬᠠᠮᠢᠶᠠᠷᠣᠯᠳᠠ᠂ ᠳᠠᠭᠠᠯᠲᠠ ᠳᠦᠷᠢᠮ ᠵᠡᠷᠭᠡ  ᠠᠭᠤᠯᠭ᠎ᠠ ᠪᠠᠭᠲᠠᠵᠤ᠂ ᠠᠷᠠᠯᠵᠢᠶᠠᠨ ᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠵᠢᠷᠤᠭᠠᠰᠤᠨ ᠱᠤᠭᠤᠮ ᠤᠨ ᠬᠠᠮᠢᠶᠠᠷᠤᠯᠲᠠ ᠶᠢᠨ ᠬᠢᠵᠠᠭᠠᠷᠲᠤ ᠴᠢᠨᠠᠷᠲᠠᠶ ᠠᠰᠠᠭᠤᠳᠠᠯ ᠢ ᠰᠢᠢᠳᠪᠣᠷᠢᠯᠡᠵᠣ᠂ ᠳᠠᠭᠠᠭᠠᠴᠢᠯᠠᠯᠲᠠ ᠶᠢᠨ ᠬᠦᠷᠢᠶᠡᠨ ᠳᠤ ᠳᠠᠭᠠᠭᠠᠴᠢᠯᠠᠯᠲᠠ ᠵᠠᠷᠯᠠᠬᠤ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠤᠨ ᠬᠠᠤᠯᠢ ᠬᠡᠷᠡᠭᠵᠢᠭᠦᠯᠬᠦ ᠭᠤᠣᠯ ᠴᠣᠭᠴᠠ ᠪᠣᠯᠤᠨ ᠰᠢᠳᠬᠡᠬᠦ ᠦᠨᠳᠦᠰᠦᠯᠡᠯ ᠢ ᠲᠣᠳᠣᠷᠬᠠᠶᠢᠯᠠᠵᠤ᠂ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠨᠢᠭᠡᠳᠦᠯᠲᠡᠶ ᠵᠢᠷᠤᠮᠵᠢᠭᠰᠠᠨ ᠵᠠᠬ᠎ᠠ ᠳᠡᠯᠭᠡᠭᠦᠷ ᠢ ᠨᠡᠶᠢᠳᠬᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠲᠦᠷᠢᠮ ᠤᠨ ᠪᠠᠲᠤᠯᠠᠭ᠎ᠠ ᠬᠠᠩᠭᠠᠪᠠ᠃    ︽ᠠᠷᠭ᠎ᠠ︾ ᠳᠤ ᠮᠠᠨ ᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠵᠢᠷᠤᠮᠯᠠᠬᠤ ᠬᠡᠷᠡᠭᠲᠡᠢ ᠵᠠᠷᠴᠢᠮ ᠢ ᠲᠣᠳᠣᠷᠬᠠᠶᠢᠯᠠᠵᠠᠢ︔ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠵᠣᠬᠢᠶᠠᠨ ᠪᠠᠶᠢᠭᠤᠯᠣᠯᠳᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ ᠶᠢ ᠲᠤᠲᠤᠷᠬᠠᠶᠢᠯᠠᠵᠠᠢ︔ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠬᠡᠪᠴᠢᠶ᠎ᠡ ᠶᠢ ᠲᠤᠲᠤᠷᠬᠠᠶᠢᠯᠠᠵᠠᠢ︔ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠵᠢᠷᠤᠮ ᠵᠢᠴᠢ ᠲᠦᠷᠢᠮ ᠢ ᠲᠤᠲᠤᠷᠬᠠᠶᠢᠯᠠᠵᠠᠢ︔ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢ ᠲᠤᠲᠤᠷᠬᠠᠶᠢᠯᠠᠵᠠᠢ︔ ᠠᠷᠠᠯᠵᠢᠶᠠᠨ ᠤ ᠠᠵᠢᠯᠯᠠᠭ᠎ᠠ ᠶᠢᠨ ᠶᠠᠪᠤᠴᠠ ᠶᠢᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠬᠡᠮᠵᠢᠶ᠎ᠡ ᠶᠢ ᠲᠤᠲᠤᠷᠬᠠᠶᠢᠯᠠᠵᠠᠢ᠃      ︽ᠠᠷᠭ᠎ᠠ︾ ᠶᠢ ᠨᠡᠶᠢᠲᠡᠯᠡᠭᠰᠡᠨ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠷᠤᠮᠵᠢᠭᠤᠯᠬᠤ᠂ ᠠᠷᠠᠯᠵᠢᠶᠠᠨ ᠤ ᠲᠥᠷᠥᠯ ᠵᠦᠢᠯ ᠤᠨ ᠶᠠᠰᠤ ᠴᠢᠨᠠᠷ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠪᠠᠲᠤ ᠪᠠᠬᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃ http://mongol.people.com.cn/15831559.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号