ᠲᠥᠪ ᠤᠨ ᠤᠬᠠᠭᠤᠯᠬᠤ ᠬᠡᠯᠲᠡᠰ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ︽ᠬᠠᠮᠤᠭ ᠤᠨ ᠭᠤᠶᠣ ᠠᠮᠢ ᠠᠬᠤᠶ ᠣᠢ ᠰᠢᠭᠤᠶ ᠶᠢᠨ ᠬᠠᠮᠠᠭᠠᠯᠠᠭᠴᠢ︾  ᠠᠴᠠ ᠰᠤᠷᠤᠯᠴᠠᠬᠤ ᠪᠠ ᠤᠬᠠᠭᠤᠯᠬᠤ ᠠᠵᠢᠯᠯᠠᠭ᠎ᠠ ᠦᠷᠨᠢᠬᠦᠯᠬᠦ ᠪᠠᠷ ᠪᠠᠶᠢᠷᠢᠯᠠᠭᠤᠯᠤᠯᠳᠡ ᠬᠢᠪᠠ
ᠨᠡᠶᠢᠲᠡᠯᠡᠭᠰᠡᠨ ᠴᠠᠭ᠄
2020/12/3
      ᠰᠢᠨᠬᠤᠧᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 1 ᠤ ᠡᠳᠦᠷ ᠤᠨ ᠮᠡᠳᠡᠭᠡ ︵ᠰᠤᠷᠪᠤᠯᠵᠢᠯᠠᠭᠴᠢ ᠬᠤ᠋ ᠯᠦ︶ ᠲᠥᠪ ᠤᠨ ᠤᠬᠠᠭᠤᠯᠬᠤ ᠬᠡᠯᠲᠡᠰ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠭᠦ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠬᠠᠮᠲᠤᠷᠠᠨ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠬᠠᠮᠤᠭ ᠤᠨ ᠭᠤᠶᠣ ᠠᠮᠢ ᠠᠬᠤᠶ ᠣᠢ ᠰᠢᠭᠤᠶ ᠶᠢᠨ ᠬᠠᠮᠠᠭᠠᠯᠠᠭᠴᠢ︾ ᠠᠴᠠ ᠰᠤᠷᠤᠯᠴᠠᠬᠤ ᠪᠠ ᠤᠬᠠᠭᠤᠯᠬᠤ ᠠᠵᠢᠯᠯᠠᠭ᠎ᠠ ᠥᠷᠨᠢᠭᠦᠯᠬᠦ ᠪᠠᠷ ᠪᠠᠶᠢᠷᠢᠯᠠᠭᠤᠯᠤᠯᠳᠡ ᠬᠢᠪᠡ᠃      ᠮᠡᠳᠡᠭᠳᠡᠯ ᠳᠤ᠂ ᠰᠤᠷᠤᠯᠴᠠᠨ ᠤᠬᠠᠭᠤᠯᠬᠤ ᠠᠵᠢᠯᠯᠠᠭ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠂ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠭᠡᠷ ᠪᠦᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠤᠰᠤ ᠮᠥᠨ ᠭᠡᠬᠦ ᠣᠶᠢᠯᠠᠭᠠᠭᠳᠠᠬᠤᠨ ᠢ ᠶᠡᠬᠡᠪᠡᠷ ᠪᠠᠳᠠᠷᠠᠭᠤᠯᠵᠤ᠂ ᠮᠠᠨ ᠤ ᠤᠯᠤᠰ ᠤᠨ ᠵᠠᠭᠤᠨ ᠲᠦᠮᠡᠨ ᠠᠮᠢ ᠠᠬᠤᠶ ᠣᠢ ᠰᠢᠭᠤᠶ ᠶᠢᠨ ᠬᠠᠮᠠᠭᠠᠯᠠᠭᠴᠢ ᠶᠢᠨ ᠠᠮᠢ ᠠᠬᠤᠶ ᠶᠢ ᠬᠠᠮᠠᠭᠠᠯᠠᠬᠤ᠂ ᠶᠠᠳᠠᠭᠤ ᠠᠴᠠ ᠠᠩᠭᠢᠵᠢᠷᠠᠨ ᠣᠷᠣᠯᠭ᠎ᠠ ᠪᠠᠨ ᠨᠡᠮᠡᠭᠳᠡᠭᠦᠯᠬᠦ᠂ ᠢᠯᠠᠩᠭᠤᠶ᠎ᠠ ︽ᠨᠢᠭᠡ ᠪᠦᠯᠦᠭ ᠬᠦᠮᠦᠰ ᠲᠤ ᠠᠮᠢ ᠠᠬᠤᠢ ᠶᠢᠨ ᠨᠥᠬᠦᠪᠥᠷᠢ ᠥᠭᠴᠦ ᠶᠠᠳᠠᠭᠤ ᠠᠴᠠ ᠠᠩᠭᠢᠵᠢᠷᠠᠭᠤᠯᠬᠤ︾ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠠᠪᠤᠴᠠ ᠳᠤ ᠦᠵᠡᠬᠦᠯᠦᠭᠰᠡᠨ ᠴᠢᠬᠤᠯᠠ ᠦᠢᠯᠡᠳᠦᠯ ᠢ ᠤᠬᠠᠭᠤᠯᠵᠤ᠂ ᠰᠢᠨ᠎ᠡ ᠴᠠᠭ ᠦᠶ᠎ᠡ ᠶᠢᠨ ᠠᠮᠢ ᠠᠬᠤᠶ ᠣᠢ ᠰᠢᠭᠤᠶ ᠶᠢᠨ ᠬᠠᠮᠠᠭᠠᠯᠠᠭᠴᠢ ᠶᠢᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠬᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠰᠦᠷ ᠵᠢᠪᠬᠤᠭᠠᠲᠤ ᠭᠤᠣᠯ ᠬᠦᠭ ᠠᠶᠠᠰ ᠢ ᠶᠡᠬᠡᠪᠡᠷ ᠴᠢᠪᠬᠠᠳᠠᠬᠤ ᠬᠡᠷᠡᠭᠳᠡᠢ ᠬᠡᠵᠦ ᠴᠢᠬᠤᠯᠠᠴᠢᠯᠠᠪᠠ᠃      ᠮᠡᠳᠡᠭᠳᠡᠯ ᠳᠤ᠂ ᠰᠤᠷᠤᠯᠴᠠᠨ ᠤᠬᠠᠭᠤᠯᠬᠤ ᠠᠵᠢᠯᠯᠠᠭ᠎ᠠ ᠨᠢ ᠰᠣᠩᠭᠤᠨ ᠲᠠᠨᠢᠯᠴᠠᠭᠤᠯᠬᠤ᠂ ᠲᠥᠪᠯᠡᠷᠡᠭᠦᠯᠦᠨ ᠨᠡᠶᠢᠲᠡᠯᠡᠬᠦ᠂ ᠭᠦᠨᠵᠡᠭᠡᠶ ᠤᠬᠠᠭᠤᠯᠬᠤ᠂ ᠰᠤᠷᠤᠯᠴᠠᠬᠤ ᠠᠵᠢᠯᠯᠠᠭ᠎ᠠ ᠵᠡᠷᠭᠡ ᠭᠤᠭᠴᠤᠭ᠎ᠠ ᠪᠠᠷ ᠪᠦᠷᠢᠯᠳᠦᠵᠦ᠂ ᠠᠯᠬᠤᠮ ᠠᠯᠬᠤᠮ ᠢᠶᠠᠷ ᠭᠦᠨᠵᠡᠭᠡᠶᠢᠷᠡᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃ ᠲᠤᠮᠳᠠ ᠪᠠᠷᠠᠭᠤᠨ ᠣᠷᠣᠨ ᠤ 22 ᠮᠤᠵᠢ ︵ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ︶ ᠶᠢᠨ ᠨᠠᠮ ᠤᠨ ᠬᠤᠷᠢᠶᠠᠨ ᠤ ᠤᠬᠠᠭᠤᠯᠭ᠎ᠠ᠂ ᠤᠢ ᠰᠢᠭᠤᠢ ᠨᠤᠳᠤᠭ ᠪᠡᠯᠴᠢᠭᠡᠷ᠂ ᠡᠳ᠋ ᠤᠨ ᠵᠠᠰᠠᠭ᠂ ᠶᠠᠳᠠᠭᠤ ᠶᠢ ᠲᠡᠳᠬᠦᠬᠦ ᠵᠡᠷᠭᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠵᠢᠩᠭᠢᠨᠢ ᠰᠢᠯᠢᠳᠡᠭ ᠠᠮᠢ ᠠᠬᠤᠶ ᠣᠢ ᠰᠢᠭᠤᠶ ᠶᠢᠨ ᠬᠠᠮᠠᠭᠠᠯᠠᠭᠴᠢ ᠶᠢ ᠦᠨᠡᠨ ᠬᠦ ᠪᠠᠲᠤᠯᠠᠨ ᠲᠠᠨᠢᠯᠴᠠᠭᠤᠯᠬᠤ ᠬᠡᠷᠡᠭᠲᠡᠢ︔ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠵᠦ ᠪᠤᠯᠬᠤ ᠦᠭᠡᠢ︔ ᠡᠷᠬᠡ ᠲᠡᠭᠰᠢ ᠲᠥᠪ ᠭᠤᠤᠯᠴᠢ ᠪᠠᠶᠢᠬᠤ ᠶᠢ ᠪᠠᠷᠢᠮᠲᠠᠯᠠᠵᠤ᠂ ᠪᠠᠷᠢᠮᠵᠢᠶ᠎ᠠ ᠪᠠᠷ ᠲᠠᠨᠢᠯᠴᠠᠭᠤᠯᠬᠤ ᠶᠢ ᠴᠢᠩᠭ᠎ᠠ ᠵᠢᠷᠤᠮᠯᠠᠨ᠂ ᠪᠠᠷᠢᠮᠵᠢᠶ᠎ᠠ ᠶᠢ ᠪᠠᠭᠤᠷᠠᠭᠤᠯᠬᠤ ᠥᠬᠡᠶ ᠪᠠᠶᠢᠬᠤ ᠬᠡᠷᠡᠭᠲᠡᠶ᠃ ᠲᠥᠪ ᠤᠨ ᠤᠬᠠᠭᠤᠯᠬᠤ ᠬᠡᠯᠲᠡᠰ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠭᠦ ᠠᠵᠢᠯ ᠤᠨ ᠤᠳᠤᠷᠢᠳᠬᠤ ᠲᠤᠭᠤᠶᠢᠯᠠᠩ  ᠤᠨ ᠠᠯᠪᠠᠨ ᠬᠡᠷ ᠬᠠᠮᠢᠶ᠎ᠠ ᠪᠥᠬᠦᠶ ᠪᠠᠷᠢᠮᠵᠢᠶ᠎ᠠ ᠪᠠ ᠲᠠᠰ ᠳᠠᠷᠠᠭᠠᠯᠠᠯ ᠶᠣᠰᠣᠭᠠᠷ᠂ 2020 ᠣᠨ ᠤ ︽ᠬᠠᠮᠤᠭ ᠤᠨ ᠭᠤᠶᠣ ᠠᠮᠢ ᠠᠬᠤᠶ ᠣᠢ ᠰᠢᠭᠤᠶ ᠵᠢᠨ‌ᠬᠠᠮᠠᠭᠠᠯᠠᠭᠴᠢ︾ ᠶᠢᠨ 20 ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠲᠣᠭᠲᠠᠭᠠᠵᠤ᠂ ᠨᠡᠶᠢᠲᠡᠯᠡᠬᠦ ᠶᠣᠰᠣᠯᠠᠯ ᠵᠡᠷᠭᠡ ᠰᠤᠷᠤᠯᠴᠠᠨ ᠤᠬᠠᠭᠤᠯᠬᠤ ᠠᠵᠢᠯᠯᠠᠭ᠎ᠠ ᠥᠷᠨᠢᠭᠦᠯᠬᠦ ᠪᠠᠷ ᠳᠡᠮᠵᠢᠭᠤᠯᠤᠨ ︽ᠬᠠᠮᠤᠭ ᠤᠨ ᠭᠤᠶᠣ ᠠᠮᠢ ᠠᠬᠤᠶ ᠣᠢ ᠰᠢᠭᠤᠶ ᠶᠢᠨ ᠬᠠᠮᠠᠭᠠᠯᠠᠭᠴᠢ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠥᠬᠦ ᠲᠠᠯ᠎ᠠ ᠪᠠᠷ᠂ ᠦᠷᠭᠡᠨ ᠲᠡᠯᠭᠡᠷ ᠤᠬᠠᠭᠤᠯᠵᠤ᠂ ᠰᠤᠷᠤᠯᠴᠠᠯᠭ᠎ᠠ ᠤᠬᠠᠭᠤᠯᠭ᠎ᠠ ᠶᠢᠨ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠤᠯᠭᠠᠨ᠎ᠠ ᠬᠡᠵᠦ ᠲᠤᠳᠤᠷᠬᠠᠶᠢᠯᠠᠪᠠ᠃http://mongol.people.com.cn/15831564.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号