ᠬᠦᠬᠡᠬᠤᠳᠠ ᠶᠢᠨ ᠮᠤᠩᠭᠤᠯ ᠦᠨᠳᠦᠰᠦᠳᠡᠨ ᠤ ᠰᠤᠷᠭᠠᠭᠤᠯᠢ ︽ᠤᠷᠳᠤᠨ ᠰᠤᠷᠭᠠᠭᠤᠯᠢ ᠶᠢ ᠤᠶᠠᠯᠳᠤᠭᠤᠯᠤᠬᠰᠠᠨ ᠰᠠᠭᠤᠷᠢᠨ ᠤ ᠰᠤᠷᠭᠠᠭᠤᠯᠢ︾ ᠪᠣᠯᠪᠠ
ᠨᠡᠶᠢᠲᠡᠯᠡᠭᠰᠡᠨ ᠴᠠᠭ᠄
2020/12/3
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠬᠴᠢ ᠦᠷᠴᠠᠶᠢᠬᠤ︶ ᠣᠶᠢᠷ᠎ᠠ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠲᠠᠢ ᠬᠠᠮᠲᠤᠷᠠᠨ ︽ᠣᠷᠳᠣᠨ ᠰᠤᠷᠭᠠᠭᠤᠯᠢ ᠶᠢ ᠤᠶᠠᠯᠳᠤᠭᠤᠯᠤᠭᠰᠠᠨ ᠰᠠᠭᠤᠷᠢᠨ ᠤ ᠰᠤᠷᠭᠠᠭᠤᠯᠢ︾ ᠶᠢᠨ ᠫᠠᠶᠢᠰᠠ ᠣᠯᠭᠤᠬᠤ ᠶᠣᠰᠣᠯᠠᠯ ᠵᠢᠴᠢ ᠹᠢᠽᠢᠺ ᠤᠨ ᠬᠢᠴᠢᠶᠡᠯ ᠤᠨ PBL ᠵᠢᠭᠠᠨ ᠰᠤᠷᠭᠠᠬᠤ ᠵᠠᠭᠪᠤᠷ ᠤᠨ ᠦᠵᠡᠭᠦᠯᠭᠡ ᠶᠢᠨ ᠠᠵᠢᠯᠯᠠᠭ᠎ᠠ ᠦᠷᠨᠢᠭᠦᠯᠵᠠᠢ᠃      ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠠᠴᠠ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠪᠠ ᠰᠤᠷᠭᠠᠭᠤᠯᠢ ᠶᠢ ᠤᠶᠠᠯᠳᠤᠭᠤᠯᠤᠭᠰᠠᠨ ᠰᠠᠭᠤᠷᠢᠨ ᠤ ᠰᠤᠷᠭᠠᠭᠤᠯᠢ︾ ᠭᠡᠬᠦ ᠫᠠᠶᠢᠰᠠ ᠢᠯᠡᠷᠬᠡᠶᠢᠯᠡᠯ ᠣᠯᠭᠤᠪᠠ᠃ ᠫᠠᠶᠢᠰᠠ ᠣᠯᠭᠤᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ︽2020 ᠣᠨ ᠤ ᠬᠥᠬᠡᠬᠤᠲᠠ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠦᠵᠡᠭᠦᠯᠭᠡ ᠶᠢᠨ ᠱᠠᠩᠨᠠᠯ ᠬᠦᠷᠲᠡᠭᠰᠡᠨ ᠰᠣᠷᠣᠭᠴᠢ︾ ᠵᠡᠷᠭᠡ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃ ᠠᠵᠢᠯᠯᠠᠭ᠎ᠠ ᠳᠤ ᠪᠠᠰᠠ ︽ᠣᠷᠳᠣᠨ ᠪᠠ ᠰᠤᠷᠭᠠᠭᠤᠯᠢ ᠶᠢ ᠤᠶᠠᠯᠳᠤᠭᠤᠯᠬᠤ︾ ᠹᠢᠽᠢᠺ ᠤᠨ ᠬᠢᠴᠢᠶᠡᠯ ᠤᠨ PBL ᠵᠢᠭᠠᠨ ᠰᠤᠷᠭᠠᠬᠤ ᠵᠠᠭᠪᠤᠷ ᠤᠨ ᠰᠤᠷᠤᠭᠴᠢᠳ ᠤᠨ ᠦᠵᠡᠭᠦᠯᠭᠡ ᠶᠢᠨ ᠠᠳᠠᠯᠢᠳᠬᠠᠨ ᠰᠢᠯᠭᠠᠷᠠᠭᠤᠯᠬᠤ ᠤᠷᠤᠯᠳᠤᠭᠠᠨ ᠥᠷᠨᠢᠭᠦᠯᠵᠡᠢ᠃      2019 ᠣᠨ ᠠᠴᠠ ᠨᠠᠭᠠᠰᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ︽ᠣᠷᠳᠣᠨ ᠰᠤᠷᠭᠠᠭᠤᠯᠢ ᠶᠢ ᠤᠶᠠᠯᠳᠤᠭᠤᠯᠬᠤ︾ ᠠᠵᠢᠯᠯᠠᠭ᠎ᠠ ᠦᠷᠨᠢᠭᠦᠯᠵᠤ᠂ ᠨᠢᠭᠡᠨᠳᠡ 20 ᠰᠠᠭᠤᠷᠢᠨ ᠤ ᠰᠤᠷᠭᠠᠭᠤᠯᠢ ᠲᠠᠢ ᠪᠤᠯᠪᠠ᠃ ᠲᠤᠰ ᠤᠳᠠᠭᠠᠨ ᠤ ᠠᠵᠢᠯᠯᠠᠭ᠎ᠠ ᠨᠢ ᠨᠡᠩ ᠣᠯᠠᠨ ᠰᠤᠷᠤᠭᠴᠢᠳ ᠢ ᠰᠢᠨᠵᠢᠯᠡᠬᠦ ᠤᠬᠠᠭᠠᠨ ᠳᠤ ᠣᠶᠢᠷᠠᠲᠤᠭᠤᠯᠵᠤ᠂ ᠰᠤᠷᠤᠭᠴᠢᠳ ᠲᠤ ᠨᠡᠩ ᠣᠯᠠᠨ ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠯᠲᠡ ᠶᠢᠨ ᠣᠷᠣᠨ ᠵᠠᠶ ᠬᠠᠩᠭᠠᠵᠤ᠂ ᠲᠡᠳᠡᠨ ᠤ ᠰᠢᠨᠵᠢᠯᠡᠬᠦ ᠤᠬᠠᠭᠠᠨ ᠢ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠤ᠂ ᠦᠢᠯᠡᠳᠦᠯᠭᠡ ᠶᠢᠨ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠶᠢ ᠬᠥᠮᠥᠵᠢᠭᠦᠯᠪᠡ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号