ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠷᠣᠨ ᠨᠤᠲᠤᠭ ᠤᠨ ᠴᠢᠨᠠᠷᠲᠠᠶ ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠢ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2020/12/3
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ 12 ᠰᠠᠷ᠎ᠠ ᠶᠢᠨ 1 ᠤ ᠡᠳᠦᠷ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠠᠯᠳᠤᠭᠤᠯᠤᠭᠰᠠᠨ ᠮᠥᠩᠭᠦᠨ ᠬᠦᠢᠯᠭᠡᠭᠡᠨ ᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠷᠣᠨ ᠨᠤᠲᠤᠭ ᠤᠨ ᠴᠢᠨᠠᠷᠲᠠᠶ ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠪᠣᠯᠤᠭᠰᠠᠨ — ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠵᠦ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠡᠶᠢᠨᠬᠦ ᠪᠥᠬᠦ ᠤᠯᠤᠰ ᠤᠨ ᠬᠤᠯᠪᠣᠭᠳᠠᠯ ᠪᠥᠬᠦᠶ ᠬᠠᠤᠯᠢ ᠲᠣᠭᠲᠠᠭᠠᠯ ᠢ ᠨᠡᠶᠢᠲᠡᠯᠡᠭᠰᠡᠨ ᠳᠣᠯᠣᠳᠠᠭᠢ ᠮᠤᠵᠢ ᠪᠣᠯᠪᠠ᠃    ᠣᠶᠢᠯᠠᠭᠠᠭᠰᠠᠨ ᠢᠶᠠᠷ᠂ ᠣᠳᠣᠬᠠᠨ ᠳᠤ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠠᠯᠠ ᠲᠣᠬᠢᠷᠠᠭᠤᠯᠭ᠎ᠠ ᠶᠢᠨ ᠲᠠᠭᠠᠭᠠᠯᠳᠠ ᠶᠢᠨ ᠪᠠᠶᠢᠭᠤᠯᠤᠮᠵᠢ᠂ ᠳᠠᠨᠵᠢᠯᠠᠬᠤ ᠪᠠᠩᠬᠢ ᠵᠡᠷᠭᠡ 7 ᠲᠥᠷᠥᠯ ᠤᠨ ᠣᠷᠣᠨ ᠨᠤᠲᠤᠭ ᠤᠨ ᠮᠥᠩᠭᠦᠨ ᠬᠦᠢᠯᠭᠡᠭᠡᠨ ᠤ ᠵᠣᠬᠢᠶᠠᠨ ᠪᠠᠶᠢᠭᠤᠯᠤᠯᠲᠠ 597 ᠭᠠᠷᠴᠤ᠂ ᠳᠠᠩᠰᠠᠯᠠᠭᠤᠯᠤᠭᠰᠠᠨ ᠬᠥᠷᠥᠩᠭᠡ ᠮᠥᠩᠭᠦ 557 ᠳ᠋ᠦᠩᠰᠢᠭᠤᠷ  ᠲᠦᠬᠦᠷᠢᠭ ᠲᠤ ᠬᠦᠷᠤᠭ᠍ᠰᠡᠨ ᠪᠠᠶᠢᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠦᠲᠦᠮᠵᠢᠲᠡᠶ ᠲᠡᠭᠡᠭᠰᠢᠯᠡᠬᠦᠯᠬᠦ ᠶᠢᠨ ᠲᠥᠯᠥᠭᠡ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠳᠦᠷᠢᠮ︾ ᠢ ᠨᠡᠶᠢᠲᠡᠯᠡᠵᠦ᠂ ︽ᠮᠥᠩᠭᠦᠨ ᠭᠦᠢᠯᠭᠡᠭᠡ ᠶᠢ ᠥᠨᠳᠥᠷ ᠪᠦᠲᠦᠮᠵᠢᠲᠡᠢ ᠬᠡᠷᠡᠭᠯᠡᠬᠦ᠂ ᠮᠥᠩᠭᠦᠨ ᠭᠦᠢᠯᠭᠡᠭᠡ ᠶᠢ ᠴᠢᠨᠠᠷ ᠰᠠᠶᠢᠲᠠᠢ ᠬᠠᠮᠢᠶᠠᠷᠠᠬᠤ᠂ ᠮᠥᠩᠭᠦᠨ ᠭᠦᠢᠯᠭᠡᠭᠡ ᠶᠢ ᠥᠨᠳᠥᠷ ᠲᠦᠪᠰᠢᠨ ᠲᠠᠢ ᠡᠷᠬᠢᠯᠡᠬᠦ︾ ᠶᠢ ᠪᠡᠶᠡᠯᠡᠭᠦᠯᠬᠦ ᠠᠷᠭ᠎ᠠ ᠵᠠᠮ ᠪᠠ ᠠᠵᠢᠯ ᠤᠨ ᠠᠷᠭ᠎ᠠ ᠶᠢ ᠲᠣᠳᠣᠷᠬᠠᠶᠢᠯᠠᠬᠤ ᠶᠢᠨ ᠬᠠᠮᠲᠤ ᠵᠢᠷᠤᠮᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠥᠩᠭᠦᠨ ᠭᠦᠢᠯᠭᠡᠭᠡᠨ ᠤ ᠦᠬᠡᠷᠡᠴᠢᠯᠡᠯᠳᠠ ᠶᠢ ᠭᠦᠨᠵᠡᠭᠡᠶᠢᠷᠡᠭᠦᠯᠬᠦ ︽ᠭᠤᠷᠪᠠᠨ ᠶᠡᠭᠡ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠬᠤ ᠳᠤ ᠪᠠᠳᠣᠯᠠᠭ᠎ᠠ ᠬᠠᠩᠭᠠᠵᠠᠢ᠃    ᠲᠠᠨᠢᠯᠴᠠᠭᠤᠯᠤᠭᠰᠠᠨ ᠢᠶᠠᠷ᠂ ︽ᠳᠦᠷᠢᠮ︾ ᠳᠤ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠳᠠᠬᠢ ᠣᠷᠣᠨ ᠨᠣᠳᠤᠭ ᠤᠨ ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠮᠥᠩᠭᠦᠨ ᠬᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠵᠢᠷᠤᠮᠵᠢᠯ ᠤᠨ ᠰᠢᠰᠲ᠋ᠧᠮ ᠪᠣᠯᠤᠨ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠣᠷᠢᠯᠡᠬᠦ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠠᠢ᠃ ᠮᠥᠩᠭᠦᠨ ᠬᠦᠢᠯᠭᠡᠭᠡᠨ ᠤ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠪᠠ ᠬᠠᠤᠯᠢ ᠪᠠᠷᠢᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠬᠠᠮᠲᠤ ᠮᠥᠩᠭᠦᠨ ᠬᠦᠢᠯᠭᠡᠭᠡᠨ ᠤ ᠦᠢᠯᠡᠴᠢᠯᠡᠭᠡ ᠶᠢ ᠬᠥᠲᠥᠯᠥᠨ ᠵᠢᠯᠣᠭᠤᠳᠬᠤ᠂ ᠵᠤᠯᠭᠠᠯᠴᠠᠭᠤᠯᠬᠤ᠂ ᠦᠨᠡᠯᠡᠬᠦ᠂ ᠨᠡᠶᠢᠲᠡᠯᠡᠬᠦ ᠲᠣᠭᠲᠠᠴᠠ ᠪᠠ ᠡᠳ᠋ ᠤᠨ ᠵᠠᠰᠠᠭ ᠤᠨ ᠱᠠᠩᠨᠠᠵᠤ ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠡᠢ᠃ ︽ᠳᠦᠷᠢᠮ︾ ᠳᠤ ᠪᠠᠰᠠ ᠠᠭᠤᠴᠢᠯᠠᠬᠤ ᠪᠠ ᠴᠢᠩᠭ᠎ᠠ ᠰᠢᠳᠭᠡᠬᠦ ᠶᠢ ᠬᠤᠤᠰᠯᠠᠭᠤᠯᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠲᠣᠭᠲᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠥᠴᠦᠬᠡᠨ ᠴᠦ ᠠᠭᠤᠴᠢᠯᠠᠬᠤ ᠦᠭᠡᠢ ᠪᠠᠶᠢᠬᠤ ᠶᠢ ᠪᠠᠷᠢᠮᠳᠠᠯᠠᠵᠣ᠂ ᠣᠷᠣᠨ ᠨᠤᠲᠤᠭ ᠤᠨ ᠮᠥᠩᠭᠦᠨ ᠬᠦᠢᠯᠭᠡᠭᠡᠨ ᠤ ᠵᠣᠬᠢᠶᠠᠨ ᠪᠠᠶᠢᠭᠤᠯᠤᠯᠲᠠ ᠵᠢᠴᠢ ᠬᠠᠮᠢᠶ᠎ᠠ ᠪᠦᠬᠦᠢ ᠬᠡᠷᠡᠭ ᠮᠡᠳᠡᠭᠴᠢ᠂ ᠬᠢᠨᠠᠭᠴᠢ᠂ ᠲᠡᠭᠡᠳᠣ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ︽ᠬᠤᠶᠠᠷ ᠢ ᠲᠣᠷᠭᠠᠬᠤ︾  ᠲᠣᠭᠳᠠᠴᠠ ᠶᠢ ᠰᠦᠪᠡᠭᠴᠢᠯᠡᠨ  ᠬᠡᠷᠡᠭᠵᠢᠭᠦᠯᠵᠡᠢ᠃    ︽ᠳᠦᠷᠢᠮ︾ ᠤᠨ ᠨᠡᠶᠢᠲᠡᠯᠡᠭᠳᠡᠭᠰᠡᠨ ᠨᠢ᠂ ᠣᠷᠣᠨ ᠨᠤᠲᠤᠭ ᠤᠨ ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠦᠢᠯᠡ ᠠᠵᠢᠯᠯᠠᠭ᠎ᠠ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠪᠠ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠦᠲᠦᠮᠵᠢᠲᠡᠶ ᠵᠢᠷᠣᠮᠵᠢᠭᠤᠯᠣᠨ ᠲᠣᠳᠣᠷᠬᠠᠶᠢᠯᠠᠵᠤ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠮᠥᠩᠭᠦᠨ ᠬᠦᠢᠯᠭᠡᠭᠡᠨ ᠤ ᠬᠢᠨᠠᠯᠲᠠ  ᠬᠠᠮᠢᠶᠠᠷᠣᠯᠳᠠ ᠶᠢᠨ ᠢᠯᠡ ᠲᠣᠳᠣ ᠶᠢᠨ ᠬᠡᠮᠵᠢᠶ᠎ᠡ ᠪᠠ ᠬᠠᠤᠯᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠬᠦ ᠳᠤ  ᠬᠦᠴᠣᠳᠠᠢ ᠪᠠᠲᠤᠯᠠᠭ᠎ᠠ ᠬᠠᠩᠭᠠᠭᠰᠠᠨ ᠪᠠᠶᠢᠨ᠎ᠠ᠃http://mongol.people.com.cn/15831562.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号