︵ᠰᠤᠷᠪᠤᠯᠵᠢᠯᠠᠭᠴᠢ ᠰᠦᠩ ᠰᠢᠶᠠᠩ ᠬᠤᠸᠠ︶ ᠲᠣᠭᠲᠠᠮᠠᠯ ᠬᠥᠷᠥᠩᠭᠡ ᠶᠢᠨ ᠡᠵᠡᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠂ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠬᠤᠷᠢᠶᠠᠬᠤ ᠠᠵᠢᠯᠯᠠᠭ᠎ᠠ ᠶᠢ | ᠵᠢᠷᠤᠮᠵᠢᠭᠤᠯᠬᠤ ᠶᠢᠨ ᠲᠤᠰᠠᠳᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠵᠢᠵᠢᠭ ᠪᠢᠴᠢᠯ | ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠢ ᠣᠳᠣ ᠠᠴᠠ ᠡᠬᠢᠯᠡᠨ ᠬᠠᠰᠤᠵᠤ | ᠬᠡᠯᠲᠦᠷᠢᠭᠦᠯᠦᠯᠡ᠃ | ᠬᠡᠯᠲᠦᠷᠢᠭᠦᠯᠬᠦ ᠬᠦᠷᠢᠶ᠎ᠡ ᠬᠡᠪᠴᠢᠶ᠎ᠡ᠄ ᠵᠢᠵᠢᠭ ᠪᠢᠴᠢᠯ ᠠᠵᠤ ᠠᠬᠤᠶᠢᠯᠠᠯ ︵ᠠᠵᠤ ᠦᠢᠯᠡᠳᠪᠦᠷᠢ | ᠬᠤᠳᠠᠯᠳᠤᠭᠠᠨ ᠤ ᠬᠤᠪᠢ ᠶᠢᠨ ᠡᠷᠦᠬᠡ ᠪᠠᠭᠲᠠᠨ᠎ᠠ︶ ᠲᠣᠭᠲᠠᠮᠠᠯ ᠬᠥᠷᠥᠩᠭᠡ ᠶᠢᠨ ᠳᠠᠩᠰᠠᠯᠠᠯ ᠢ | ᠭᠤᠶᠤᠴᠢᠯᠠᠭᠰᠠᠨ ᠠᠴᠠ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠬᠤᠷᠢᠶᠠᠬᠤ ᠦᠭᠡᠢ᠃ ᠬᠠᠰᠤᠵᠤ | ᠬᠡᠯᠲᠦᠷᠢᠭᠦᠯᠬᠦ ᠶᠢ ᠭᠤᠶᠤᠴᠢᠯᠠᠬᠤ ᠶᠠᠪᠤᠴᠠ᠄ ᠬᠦᠯᠢᠶᠡᠨ ᠠᠪᠴᠤ ᠭᠦᠢᠴᠡᠳᠬᠡᠬᠦ ᠭᠤᠭᠴᠣᠭᠠᠨ ᠳᠤ ᠵᠢᠵᠢᠭ ᠪᠢᠴᠢᠯ | ᠠᠵᠤ ᠠᠬᠤᠶᠢᠯᠠᠯ ᠳᠤ ᠮᠡᠳᠡᠭᠳᠡᠵᠦ ᠠᠮᠠᠯᠠᠭᠤᠯᠬᠤ ᠪᠠ ᠪᠠᠶᠢᠴᠠᠭᠠᠨ ᠯᠠᠪᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢ ᠬᠡᠷᠡᠭᠵᠢᠭᠦᠯᠵᠦ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠢ ᠬᠠᠰᠤᠵᠤ ᠭᠡᠯᠳᠦᠷᠢᠭᠦᠯᠦᠨ᠎ᠡ᠃ | ᠨᠢᠭᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠳᠠᠩᠰᠠᠯᠠᠯ ᠬᠢᠯᠭᠡᠬᠦ ᠪᠠᠷ | ᠭᠤᠶᠤᠴᠢᠯᠠᠭᠰᠠᠨ ᠢ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ | ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠠᠴᠠ ᠪᠠᠶᠢᠴᠠᠭᠠᠭᠰᠠᠨ ᠪᠢᠴᠢᠭ ᠤᠨ ᠪᠠᠶᠢᠴᠠᠭᠠᠨ | ᠯᠠᠪᠯᠠᠭᠰᠠᠨ ᠦᠷ᠎ᠡ ᠳ᠋ᠦᠩ ᠢ ᠦᠵᠡᠵᠦ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠢ ᠭᠡᠯᠳᠦᠷᠢᠭᠦᠯᠦᠨ᠎ᠡ᠃ | ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠶᠢᠨ ᠦᠢᠯᠡᠳᠪᠦᠷᠢ ᠬᠤᠳᠠᠯᠳᠤᠭᠠᠨ ᠤ ᠬᠤᠪᠢ ᠶᠢᠨ | ᠡᠷᠦᠬᠡ ᠶᠢᠨ ᠡᠵᠡᠩᠨᠡᠯᠲᠡ ᠶᠢᠨ ᠪᠠᠲᠤᠯᠠᠪᠤᠷᠢ ᠶᠢᠨ ᠪᠢᠴᠢᠭ ᠢ ᠦᠵᠡᠵᠦ ᠨᠡᠷ᠎ᠡ ᠳᠣᠣᠷᠠᠬᠢ ᠡᠵᠡᠩᠨᠡᠯᠲᠡ ᠳᠤ ᠬᠡᠷᠡᠭᠯᠡᠵᠦ | ᠪᠠᠶᠢᠭ᠎ᠠ ᠲᠣᠭᠲᠠᠮᠠᠯ ᠬᠥᠷᠥᠩᠭᠡ ᠠᠴᠠ ᠳᠠᠩᠰᠠᠯᠠᠯ ᠤᠨ ᠰᠦᠢᠳᠬᠡᠯ ᠢ ᠰᠢᠭᠤᠳ ᠬᠡᠯᠲᠦᠷᠢᠭᠦᠯᠦᠨ᠎ᠡ᠃ ᠬᠤᠶᠠᠷ ᠲᠤ᠂ | ᠵᠢᠵᠢᠭ ᠪᠢᠴᠢᠯ ᠠᠵᠤ ᠠᠬᠤᠶᠢᠯᠠᠯ ᠤᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠭᠤᠶᠤᠴᠢᠯᠠᠭᠰᠠᠨ ᠠᠵᠤ | ᠠᠬᠤᠶᠢᠯᠠᠯ ᠠᠴᠠ ︽ᠲᠤᠭ᠎ᠠ ᠪᠦᠷᠢᠳᠬᠡᠯ ᠳᠡᠭᠡᠷ᠎ᠡ ᠶᠡᠭᠡ ᠳᠤᠮᠳᠠ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠢ | ᠠᠩᠭᠢᠯᠠᠬᠤ ᠠᠷᠭ᠎ᠠ ︵2017︶︾ ᠵᠢᠴᠢ ︽ᠮᠥᠩᠭᠦᠨ ᠭᠦᠢᠯᠭᠡᠭᠡᠨ ᠤ ᠦᠢᠯᠡᠰ ᠤᠨ ᠠᠵᠤ ᠠᠬᠤᠶᠢᠯᠠᠯ ᠤᠨ | ᠬᠡᠯᠪᠡᠷᠢ ᠶᠢ ᠲᠣᠭᠲᠠᠭᠠᠬᠤ ᠲᠣᠭᠲᠠᠭᠠᠯ︾ ᠤᠨ ᠨᠤᠲᠠᠯᠠᠨ ᠲᠤᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ᠂ ᠵᠢᠵᠢᠭ | ᠪᠢᠴᠢᠯ ᠠᠵᠤ ᠠᠬᠤᠶᠢᠯᠠᠯ ᠳᠤ ᠬᠠᠷᠢᠶᠠᠯᠠᠭᠳᠠᠬᠤ ᠡᠰᠡᠬᠦ ᠲᠤᠬᠠᠶ ᠠᠮᠠᠯᠠᠯᠲᠠ ᠬᠢᠵᠦ᠂ ︽ᠬᠥᠬᠡᠬᠤᠲᠠ ᠶᠢᠨ ᠵᠢᠵᠢᠭ | ᠪᠢᠴᠢᠯ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠢ ᠬᠠᠰᠤᠵᠤ | ᠭᠡᠯᠳᠦᠷᠢᠭᠦᠯᠬᠦ ᠶᠢ ᠮᠡᠳᠡᠭᠳᠡᠨ ᠠᠮᠠᠯᠠᠬᠤ ᠪᠢᠴᠢᠭ︾ ᠢ ᠲᠠᠭᠯᠠᠨ᠎ᠠ᠃ ᠵᠢᠵᠢᠭ ᠪᠢᠴᠢᠯ ᠠᠵᠤ ᠠᠬᠤᠶᠢᠯᠠᠯ ᠳᠤ | ᠬᠠᠷᠢᠶᠠᠯᠠᠭᠳᠠᠨ᠎ᠠ ᠭᠡᠵᠦ ᠠᠮᠠᠯᠠᠭᠰᠠᠨ ᠢ᠂ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠵᠢᠵᠢᠭ ᠪᠢᠴᠢᠯ | ᠠᠵᠤ ᠠᠬᠤᠶᠢᠯᠠᠯ ᠤᠨ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠳᠠᠩᠰᠠᠯᠠᠯ ᠤᠨ | ᠰᠦᠢᠳᠬᠡᠯ ᠢ ᠬᠤᠷᠢᠶᠠᠬᠤ ᠥᠬᠡᠶ᠃ ᠭᠤᠷᠪᠠ ᠳᠤ᠂ ᠠᠮᠠᠯᠠᠯᠲᠠ ᠬᠢᠭᠰᠡᠨ ᠦᠭᠡᠢ ᠮᠥᠷᠲᠡᠭᠡᠨ ᠵᠢᠵᠢᠭ ᠪᠢᠴᠢᠯ ᠠᠵᠤ | ᠠᠬᠤᠶᠢᠯᠠᠯ ᠤᠨ ᠬᠠᠮᠢᠶ᠎ᠠ ᠪᠦᠬᠦᠢ ᠭᠡᠷᠡᠴᠢ ᠪᠢᠴᠢᠭ ᠢᠶᠠᠨ ᠲᠤᠰᠢᠶᠠᠭᠰᠠᠨ ᠦᠭᠡᠢ ᠠᠵᠤ ᠠᠬᠤᠶᠢᠯᠠᠯ ᠳᠤ ᠬᠠᠮᠢᠶ᠎ᠠ | ᠪᠦᠬᠦᠢ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ |