ᠵᠢᠵᠢᠭ ᠪᠢᠴᠢᠯ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠦᠯ᠎ᠡ
ᠨᠡᠶᠢᠲᠡᠯᠡᠭᠰᠡᠨ ᠴᠠᠭ᠄
2020/12/3
      ︵ᠰᠤᠷᠪᠤᠯᠵᠢᠯᠠᠭᠴᠢ ᠰᠦᠩ ᠰᠢᠶᠠᠩ ᠬᠤᠸᠠ︶ ᠲᠣᠭᠲᠠᠮᠠᠯ ᠬᠥᠷᠥᠩᠭᠡ ᠶᠢᠨ ᠡᠵᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠵᠢᠵᠢᠭ ᠪᠢᠴᠢᠯ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠢ ᠣᠳᠣ ᠠᠴᠠ ᠡᠬᠢᠯᠡᠨ ᠬᠠᠰᠤᠵᠤ ᠬᠡᠯᠲᠦᠷᠢᠭᠦᠯᠦᠯ᠎ᠡ᠃       ᠬᠡᠯᠲᠦᠷᠢᠭᠦᠯᠬᠦ ᠬᠦᠷᠢᠶ᠎ᠡ ᠬᠡᠪᠴᠢᠶ᠎ᠡ᠄ ᠵᠢᠵᠢᠭ ᠪᠢᠴᠢᠯ ᠠᠵᠤ ᠠᠬᠤᠶᠢᠯᠠᠯ ︵ᠠᠵᠤ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠪᠠᠭᠲᠠᠨ᠎ᠠ︶ ᠲᠣᠭᠲᠠᠮᠠᠯ ᠬᠥᠷᠥᠩᠭᠡ ᠶᠢᠨ ᠳᠠᠩᠰᠠᠯᠠᠯ ᠢ ᠭᠤᠶᠤᠴᠢᠯᠠᠭᠰᠠᠨ ᠠᠴᠠ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠬᠤᠷᠢᠶᠠᠬᠤ ᠦᠭᠡᠢ᠃ ᠬᠠᠰᠤᠵᠤ ᠬᠡᠯᠲᠦᠷᠢᠭᠦᠯᠬᠦ ᠶᠢ ᠭᠤᠶᠤᠴᠢᠯᠠᠬᠤ ᠶᠠᠪᠤᠴᠠ᠄ ᠬᠦᠯᠢᠶᠡᠨ ᠠᠪᠴᠤ ᠭᠦᠢᠴᠡᠳᠬᠡᠬᠦ ᠭᠤᠭᠴᠣᠭᠠᠨ ᠳᠤ ᠵᠢᠵᠢᠭ ᠪᠢᠴᠢᠯ ᠠᠵᠤ ᠠᠬᠤᠶᠢᠯᠠᠯ ᠳᠤ ᠮᠡᠳᠡᠭᠳᠡᠵᠦ ᠠᠮᠠᠯᠠᠭᠤᠯᠬᠤ ᠪᠠ ᠪᠠᠶᠢᠴᠠᠭᠠᠨ ᠯᠠᠪᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠵᠢᠭᠦᠯᠵᠦ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠢ ᠬᠠᠰᠤᠵᠤ ᠭᠡᠯᠳᠦᠷᠢᠭᠦᠯᠦᠨ᠎ᠡ᠃ ᠨᠢᠭᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠳᠠᠩᠰᠠᠯᠠᠯ ᠬᠢᠯᠭᠡᠬᠦ ᠪᠠᠷ ᠭᠤᠶᠤᠴᠢᠯᠠᠭᠰᠠᠨ ᠢ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠠᠴᠠ ᠪᠠᠶᠢᠴᠠᠭᠠᠭᠰᠠᠨ ᠪᠢᠴᠢᠭ ᠤᠨ ᠪᠠᠶᠢᠴᠠᠭᠠᠨ ᠯᠠᠪᠯᠠᠭᠰᠠᠨ ᠦᠷ᠎ᠡ ᠳ᠋ᠦᠩ ᠢ ᠦᠵᠡᠵᠦ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠢ ᠭᠡᠯᠳᠦᠷᠢᠭᠦᠯᠦᠨ᠎ᠡ᠃ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠶᠢᠨ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠶᠢᠨ ᠡᠵᠡᠩᠨᠡᠯᠲᠡ ᠶᠢᠨ ᠪᠠᠲᠤᠯᠠᠪᠤᠷᠢ ᠶᠢᠨ ᠪᠢᠴᠢᠭ ᠢ ᠦᠵᠡᠵᠦ ᠨᠡᠷ᠎ᠡ ᠳᠣᠣᠷᠠᠬᠢ ᠡᠵᠡᠩᠨᠡᠯᠲᠡ ᠳᠤ ᠬᠡᠷᠡᠭᠯᠡᠵᠦ ᠪᠠᠶᠢᠭ᠎ᠠ ᠲᠣᠭᠲᠠᠮᠠᠯ ᠬᠥᠷᠥᠩᠭᠡ ᠠᠴᠠ ᠳᠠᠩᠰᠠᠯᠠᠯ ᠤᠨ ᠰᠦᠢᠳᠬᠡᠯ ᠢ ᠰᠢᠭᠤᠳ ᠬᠡᠯᠲᠦᠷᠢᠭᠦᠯᠦᠨ᠎ᠡ᠃ ᠬᠤᠶᠠᠷ ᠲᠤ᠂ ᠵᠢᠵᠢᠭ ᠪᠢᠴᠢᠯ ᠠᠵᠤ ᠠᠬᠤᠶᠢᠯᠠᠯ ᠤᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠭᠤᠶᠤᠴᠢᠯᠠᠭᠰᠠᠨ ᠠᠵᠤ ᠠᠬᠤᠶᠢᠯᠠᠯ ᠠᠴᠠ ︽ᠲᠤᠭ᠎ᠠ ᠪᠦᠷᠢᠳᠬᠡᠯ ᠳᠡᠭᠡᠷ᠎ᠡ ᠶᠡᠭᠡ ᠳᠤᠮᠳᠠ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠢ ᠠᠩᠭᠢᠯᠠᠬᠤ ᠠᠷᠭ᠎ᠠ ︵2017︶︾ ᠵᠢᠴᠢ ︽ᠮᠥᠩᠭᠦᠨ ᠭᠦᠢᠯᠭᠡᠭᠡᠨ ᠤ ᠦᠢᠯᠡᠰ ᠤᠨ ᠠᠵᠤ ᠠᠬᠤᠶᠢᠯᠠᠯ ᠤᠨ ᠬᠡᠯᠪᠡᠷᠢ ᠶᠢ ᠲᠣᠭᠲᠠᠭᠠᠬᠤ ᠲᠣᠭᠲᠠᠭᠠᠯ︾ ᠤᠨ  ᠨᠤᠲᠠᠯᠠᠨ ᠲᠤᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ᠂ ᠵᠢᠵᠢᠭ ᠪᠢᠴᠢᠯ ᠠᠵᠤ ᠠᠬᠤᠶᠢᠯᠠᠯ ᠳᠤ ᠬᠠᠷᠢᠶᠠᠯᠠᠭᠳᠠᠬᠤ ᠡᠰᠡᠬᠦ ᠲᠤᠬᠠᠶ ᠠᠮᠠᠯᠠᠯᠲᠠ ᠬᠢᠵᠦ᠂ ︽ᠬᠥᠬᠡᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠰᠦᠢᠳᠬᠡᠯ ᠢ ᠬᠠᠰᠤᠵᠤ ᠭᠡᠯᠳᠦᠷᠢᠭᠦᠯᠬᠦ ᠶᠢ ᠮᠡᠳᠡᠭᠳᠡᠨ ᠠᠮᠠᠯᠠᠬᠤ ᠪᠢᠴᠢᠭ︾ ᠢ ᠲᠠᠭᠯᠠᠨ᠎ᠠ᠃ ᠵᠢᠵᠢᠭ ᠪᠢᠴᠢᠯ ᠠᠵᠤ ᠠᠬᠤᠶᠢᠯᠠᠯ ᠳᠤ ᠬᠠᠷᠢᠶᠠᠯᠠᠭᠳᠠᠨ᠎ᠠ ᠭᠡᠵᠦ ᠠᠮᠠᠯᠠᠭᠰᠠᠨ ᠢ᠂ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠵᠢᠵᠢᠭ ᠪᠢᠴᠢᠯ ᠠᠵᠤ ᠠᠬᠤᠶᠢᠯᠠᠯ ᠤᠨ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠳᠠᠩᠰᠠᠯᠠᠯ ᠤᠨ ᠰᠦᠢᠳᠬᠡᠯ ᠢ ᠬᠤᠷᠢᠶᠠᠬᠤ ᠥᠬᠡᠶ᠃ ᠭᠤᠷᠪᠠ ᠳᠤ᠂ ᠠᠮᠠᠯᠠᠯᠲᠠ ᠬᠢᠭᠰᠡᠨ ᠦᠭᠡᠢ ᠮᠥᠷᠲᠡᠭᠡᠨ ᠵᠢᠵᠢᠭ ᠪᠢᠴᠢᠯ ᠠᠵᠤ ᠠᠬᠤᠶᠢᠯᠠᠯ ᠤᠨ ᠬᠠᠮᠢᠶ᠎ᠠ ᠪᠦᠬᠦᠢ ᠭᠡᠷᠡᠴᠢ ᠪᠢᠴᠢᠭ ᠢᠶᠠᠨ ᠲᠤᠰᠢᠶᠠᠭᠰᠠᠨ ᠦᠭᠡᠢ ᠠᠵᠤ ᠠᠬᠤᠶᠢᠯᠠᠯ ᠳᠤ ᠬᠠᠮᠢᠶ᠎ᠠ ᠪᠦᠬᠦᠢ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ