ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠬᠴᠢ ᠦᠷᠴᠠᠶᠢᠬᠤ︶ ᠣᠶᠢᠷ᠎ᠠ ᠳᠤ᠂ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠲᠠᠢ ᠬᠠᠮᠲᠤᠷᠠᠨ ︽ | ᠣᠷᠳᠣᠨ ᠰᠤᠷᠭᠠᠭᠤᠯᠢ ᠶᠢ ᠤᠶᠠᠯᠳᠤᠭᠤᠯᠤᠭᠰᠠᠨ ᠰᠠᠭᠤᠷᠢᠨ ᠤ ᠰᠤᠷᠭᠠᠭᠤᠯᠢ︾ ᠶᠢᠨ ᠫᠠᠶᠢᠰᠠ ᠣᠯᠭᠤᠬᠤ ᠶᠣᠰᠣᠯᠠᠯ ᠵᠢᠴᠢ ᠹᠢᠽᠢᠺ ᠤᠨ ᠬᠢᠴᠢᠶᠡᠯ ᠤᠨ PBL | ᠵᠢᠭᠠᠨ ᠰᠤᠷᠭᠠᠬᠤ ᠵᠠᠭᠪᠤᠷ ᠤᠨ ᠦᠵᠡᠭᠦᠯᠭᠡ ᠶᠢᠨ ᠠᠵᠢᠯᠯᠠᠭ᠎ᠠ ᠦᠷᠨᠢᠭᠦᠯᠵᠠᠢ᠃ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠠᠴᠠ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ | ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠪᠠ ᠰᠤᠷᠭᠠᠭᠤᠯᠢ ᠶᠢ ᠤᠶᠠᠯᠳᠤᠭᠤᠯᠤᠭᠰᠠᠨ ᠰᠠᠭᠤᠷᠢᠨ ᠤ ᠰᠤᠷᠭᠠᠭᠤᠯᠢ︾ | ᠭᠡᠬᠦ ᠫᠠᠶᠢᠰᠠ ᠢᠯᠡᠷᠬᠡᠶᠢᠯᠡᠯ ᠣᠯᠭᠤᠪᠠ᠃ ᠫᠠᠶᠢᠰᠠ ᠣᠯᠭᠤᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ︽2020 ᠣᠨ ᠤ ᠬᠥᠬᠡᠬᠤᠲᠠ ᠶᠢᠨ | ᠲᠤᠷᠰᠢᠯᠲᠠ ᠶᠢᠨ ᠵᠢᠭᠠᠨ ᠰᠤᠷᠭᠠᠯᠲᠠ ᠶᠢᠨ ᠦᠵᠡᠭᠦᠯᠭᠡ ᠶᠢᠨ ᠱᠠᠩᠨᠠᠯ ᠬᠦᠷᠲᠡᠭᠰᠡᠨ ᠰᠣᠷᠣᠭᠴᠢ︾ ᠵᠡᠷᠭᠡ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃ | ᠠᠵᠢᠯᠯᠠᠭ᠎ᠠ ᠳᠤ ᠪᠠᠰᠠ ︽ᠣᠷᠳᠣᠨ ᠪᠠ ᠰᠤᠷᠭᠠᠭᠤᠯᠢ ᠶᠢ ᠤᠶᠠᠯᠳᠤᠭᠤᠯᠬᠤ︾ ᠹᠢᠽᠢᠺ ᠤᠨ ᠬᠢᠴᠢᠶᠡᠯ ᠤᠨ PBL ᠵᠢᠭᠠᠨ ᠰᠤᠷᠭᠠᠬᠤ ᠵᠠᠭᠪᠤᠷ ᠤᠨ | ᠰᠤᠷᠤᠭᠴᠢᠳ ᠤᠨ ᠦᠵᠡᠭᠦᠯᠭᠡ ᠶᠢᠨ ᠠᠳᠠᠯᠢᠳᠬᠠᠨ ᠰᠢᠯᠭᠠᠷᠠᠭᠤᠯᠬᠤ ᠤᠷᠤᠯᠳᠤᠭᠠᠨ ᠥᠷᠨᠢᠭᠦᠯᠵᠡᠢ᠃ | 2019 ᠣᠨ ᠠᠴᠠ ᠨᠠᠭᠠᠰᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ︽ᠣᠷᠳᠣᠨ ᠰᠤᠷᠭᠠᠭᠤᠯᠢ ᠶᠢ | ᠤᠶᠠᠯᠳᠤᠭᠤᠯᠬᠤ︾ ᠠᠵᠢᠯᠯᠠᠭ᠎ᠠ ᠦᠷᠨᠢᠭᠦᠯᠵᠤ᠂ ᠨᠢᠭᠡᠨᠳᠡ 20 ᠰᠠᠭᠤᠷᠢᠨ ᠤ ᠰᠤᠷᠭᠠᠭᠤᠯᠢ ᠲᠠᠢ ᠪᠤᠯᠪᠠ᠃ ᠲᠤᠰ ᠤᠳᠠᠭᠠᠨ ᠤ ᠠᠵᠢᠯᠯᠠᠭ᠎ᠠ ᠨᠢ ᠨᠡᠩ ᠣᠯᠠᠨ | ᠰᠤᠷᠤᠭᠴᠢᠳ ᠢ ᠰᠢᠨᠵᠢᠯᠡᠬᠦ ᠤᠬᠠᠭᠠᠨ ᠳᠤ ᠣᠶᠢᠷᠠᠲᠤᠭᠤᠯᠵᠤ᠂ ᠰᠤᠷᠤᠭᠴᠢᠳ ᠲᠤ ᠨᠡᠩ ᠣᠯᠠᠨ ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠯᠲᠡ ᠶᠢᠨ | ᠣᠷᠣᠨ ᠵᠠᠶ ᠬᠠᠩᠭᠠᠵᠤ᠂ ᠲᠡᠳᠡᠨ ᠤ ᠰᠢᠨᠵᠢᠯᠡᠬᠦ ᠤᠬᠠᠭᠠᠨ ᠢ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠤ᠂ ᠦᠢᠯᠡᠳᠦᠯᠭᠡ ᠶᠢᠨ ᠴᠢᠳᠠᠪᠤᠷᠢ ᠪᠠ | ᠰᠢᠨ᠎ᠡ ᠶᠢ ᠡᠭᠦᠳᠬᠦ ᠴᠢᠳᠠᠪᠤᠷᠢ ᠶᠢ ᠬᠥᠮᠥᠵᠢᠭᠦᠯᠪᠡ᠃ |