ᠮᠠᠨ ᠤ ᠬᠤᠲᠠ ᠬᠠᠮᠵᠢᠯᠴᠠᠬᠤ ᠪᠠ ᠬᠢᠨᠠᠯᠲᠠ ᠲᠠᠯᠪᠢᠬᠤ ᠶᠢ ᠵᠡᠷᠭᠡᠪᠡᠷ ᠡᠷᠬᠢᠮᠯᠡᠨ ᠥᠩᠭᠡᠨ ᠲᠠᠯ᠎ᠠ ᠶᠢ ᠵᠠᠰᠠᠬᠤ ᠪᠠ ᠦᠨᠳᠦᠰᠦ ᠰᠤᠷᠪᠤᠯᠵᠢ ᠶᠢ ᠵᠠᠰᠠᠬᠤ ᠶᠢ ᠵᠡᠷᠭᠡᠪᠡᠷ ᠴᠢᠬᠤᠯᠠᠴᠢᠯᠠᠵᠤ ︽ᠢᠳᠡᠵᠦ ᠡᠮᠦᠰᠬᠦ ᠶᠠᠪᠤᠵᠤ ᠰᠠᠭᠤᠬᠤ︾ ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/12/30
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠢ ᠰᠢᠶᠤᠤ ᠶᠠᠨ︶ ᠡᠨᠡ ᠵᠢᠯ ᠠᠴᠠ ᠨᠠᠰᠢ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠢᠳᠡᠵᠦ ᠡᠮᠦᠰᠬᠦ ᠶᠠᠪᠤᠵᠤ ᠰᠠᠭᠤᠬᠤ︾ ᠬᠦᠷᠢᠶ᠎ᠡ ᠴᠠᠷᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠬᠤ ᠲᠤᠮᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠳᠣᠷᠬᠠᠢ ᠲᠤᠬᠳᠠᠭᠠᠬᠰᠠᠨ ᠰᠢᠯᠢᠳᠡᠭᠵᠢᠬᠦᠯᠦᠨ ᠬᠠᠮᠵᠢᠯᠴᠠᠭᠤᠯᠵᠤ ᠥᠨᠳᠥᠷ ᠪᠦᠲᠦᠮᠵᠢᠲᠡᠶ ᠪᠠᠶᠢᠬᠤ ᠵᠠᠷᠴᠢᠮ ᠢ ᠪᠠᠷᠢᠮᠳᠠᠯᠠᠨ᠂ ᠣᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠠᠮᠵᠢᠯᠴᠠᠬᠤ ᠪᠠ ᠬᠢᠨᠠᠯᠲᠠ ᠲᠠᠯᠪᠢᠬᠤ ᠶᠢ ᠵᠡᠷᠭᠡ ᠪᠠᠷ ᠠᠳᠬᠤᠬᠤ᠂ ᠥᠩᠭᠡᠨ ᠲᠠᠯ᠎ᠠ ᠶᠢ ᠵᠠᠰᠠᠬᠤ ᠪᠠ ᠦᠨᠳᠦᠰᠦ ᠰᠤᠷᠪᠤᠯᠵᠢ ᠶᠢ ᠵᠠᠰᠠᠬᠤ ᠶᠢ ᠵᠡᠷᠭᠡ ᠪᠠᠷ ᠴᠢᠬᠤᠯᠠᠴᠢᠯᠠᠬᠤ︾ ᠵᠠᠭᠪᠤᠷ ᠢᠶᠠᠷ ᠠᠵᠢᠯᠯᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠨᠢᠭᠡᠳᠦᠯᠳᠡᠢ ᠴᠣᠬᠢᠯᠲᠠ ᠥᠭᠴᠦ᠂ ︽ᠵᠠᠰᠠᠭ ᠤᠨ ᠣᠷᠳᠣᠨ ᠨᠢᠭᠡᠳᠦᠯᠲᠡᠶ ᠲᠥᠯᠥᠪᠯᠡᠬᠦ᠂ ᠰᠠᠯᠠᠭ᠎ᠠ ᠮᠥᠴᠢᠷ ᠬᠠᠮᠵᠢᠯᠴᠠᠬᠤ᠂ ᠠᠵᠢᠯ ᠲᠥᠷᠥᠯ ᠬᠥᠲᠥᠯᠦᠨ ᠵᠢᠯᠣᠭᠤᠳᠬᠤ ᠂ ᠨᠡᠶᠢᠭᠡᠮ ᠢᠶᠠᠷ ᠢᠶᠠᠨ ᠬᠢᠨᠠᠯᠲᠠ ᠲᠠᠯᠪᠢᠬᠤ᠂ ᠣᠯᠠᠨ ᠲᠦᠮᠡᠨ ᠳᠡᠮᠵᠢᠬᠦ︾ ᠵᠠᠰᠠᠯᠲᠠ ᠶᠢᠨ ᠠᠵᠢᠯ ᠤᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠵᠤ᠂ ᠲᠤᠰᠬᠠᠶ ᠴᠡᠭᠴᠡᠯᠡᠨ ᠵᠠᠰᠠᠯᠲᠠ ᠶᠢᠨ ᠦᠷ᠎ᠡ ᠪᠦᠲᠦᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠪᠠ᠃      ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠵᠤ᠂ ᠰᠢᠰᠲ᠋ᠧᠮ ᠢᠶᠠᠷ ᠢᠶᠠᠨ ᠨᠡᠪᠲᠡᠷᠡᠯᠴᠡᠪᠡ᠃ ᠡᠮᠦᠰᠬᠦ᠂ ᠢᠳᠡᠬᠦ᠂ ᠰᠠᠭᠤᠬᠤ᠂ ᠶᠠᠪᠤᠬᠤ ᠪᠠ ᠡᠮ ᠡᠮᠨᠡᠯᠭᠡ ᠶᠢᠨ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠰᠲ᠋ᠧᠮ ᠲᠠᠢ ᠡᠮᠬᠢᠯᠡᠨ ᠲᠢᠭᠯᠡᠭᠰᠡᠨ ᠰᠠᠭᠤᠷᠢᠨ ᠳᠡᠭᠡᠷ᠎ᠡ᠂ ᠬᠡᠷᠡᠭᠵᠢᠭᠦᠯᠬᠦ ᠲᠥᠰᠦᠯ ᠲᠣᠭᠲᠠᠭᠠᠵᠤ᠂ ᠬᠤᠲᠠ᠂ ᠰᠢᠶᠠᠨ᠂ ᠭᠠᠵᠠᠷ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠠᠢ᠃ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠣᠬᠢᠶᠠᠨ ᠪᠠᠶᠢᠭᠤᠯᠤᠨ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ᠂ ᠲᠣᠰ ᠲᠣᠰ ᠲᠠᠭᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠶᠢᠴᠠᠭᠠᠯᠲᠠ ᠶᠢᠨ ᠡᠬᠡ ᠲᠠᠩᠰᠠ ᠶᠢ ᠪᠠᠶᠢᠭᠤᠯᠵᠤ᠂ ᠰᠠᠭᠤᠷᠢ ᠲᠤᠭ᠎ᠠ ᠨᠢ ᠲᠤᠳᠤ᠂ ᠪᠠᠶᠢᠳᠠᠯ ᠨᠢ ᠲᠣᠳᠣᠷᠬᠠᠶ ᠪᠠᠶᠢᠬᠤ ᠶᠢ ᠪᠡᠶᠡᠯᠡᠬᠦᠯᠪᠡ︔ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠤᠯᠢ ᠠᠴᠠ ᠵᠥᠷᠢᠴᠡᠭᠰᠡᠨ ᠰᠦᠪᠡᠭᠴᠢ ᠶᠢ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠵᠦ᠂ ᠬᠡᠷᠡᠭ ᠢ ᠪᠠᠶᠢᠴᠠᠭᠠᠨ  ᠰᠢᠢᠳᠪᠦᠷᠢᠯᠡᠬᠦ ᠪᠠᠷ ᠭᠠᠷᠳᠠᠴᠠ ᠪᠣᠯᠭᠠᠨ᠂ ᠭᠤᠤᠯᠳᠠᠯᠭ᠎ᠠ ᠶᠢ ᠳᠣᠪᠤᠶᠢᠯᠭᠠᠵᠤ᠂ ᠬᠠᠨᠳᠤᠯᠭ᠎ᠠ ᠲᠠᠢ ᠪᠠᠷ ᠵᠠᠰᠠᠯᠲᠠ ᠬᠢᠪᠡ ︔ ᠬᠤᠲᠠ ᠶᠢᠨ ᠲᠣᠪᠴᠢᠶ᠎ᠠ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠤ ᠪᠠᠶᠢᠭᠠᠳ ᠲᠤᠰᠬᠠᠶ ᠴᠡᠭᠴᠡᠯᠡᠨ ᠵᠠᠰᠠᠯᠲᠠ ᠥᠷᠨᠢᠭᠦᠯᠬᠦ ᠶᠢᠨ ᠬᠠᠮᠲᠤ᠂ ᠬᠦᠴᠦᠨ ᠢᠶᠠᠨ ᠲᠥᠪᠯᠡᠷᠡᠭᠦᠯᠦᠨ ᠭᠤᠤᠯᠳᠠᠯᠭ᠎ᠠ ᠲᠠᠢ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢᠨ ᠵᠡᠷᠭᠡᠪᠡᠷ ᠴᠡᠭᠴᠡᠯᠡᠨ ᠵᠠᠰᠠᠬᠤ ᠬᠦᠴᠦᠨ ᠪᠠᠭᠤᠷᠠᠶ ᠭᠠᠵᠠᠷ ᠣᠷᠣᠨ ᠳᠤ ᠬᠠᠪᠰᠤᠷᠤᠯᠭ᠎ᠠ ᠪᠠ ᠳᠡᠮᠵᠢᠯᠭᠡ ᠦᠵᠡᠭᠦᠯᠪᠠ᠂ ᠢᠡᠭᠭᠢᠭᠰᠡᠨ ᠢᠶᠠᠷ ᠳᠡᠭᠡᠳᠦ ᠳᠣᠤᠷᠠᠳᠤ ᠱᠠᠲᠤ ᠪᠠᠷ ᠢᠶᠠᠨ ᠬᠠᠮᠵᠢᠯᠴᠠᠭᠰᠠᠨ᠂ ᠰᠢᠰᠲ᠋ᠧᠮ ᠢᠶᠠᠷ ᠢᠶᠠᠨ ᠨᠡᠪᠲᠡᠷᠡᠯᠴᠡᠭᠰᠡᠨ ᠴᠡᠭᠴᠡᠯᠡᠨ ᠵᠠᠰᠠᠬᠤ ᠠᠵᠢᠯ ᠤᠨ ᠲᠣᠭᠲᠠᠴᠠ ᠶᠢ  ᠪᠦᠷᠢᠯᠳᠦᠬᠦᠯᠵᠡᠢ᠃ ᠰᠠᠶᠢᠨ ᠲᠣᠭᠲᠠᠴᠠ ᠶᠢᠨ ᠳᠠᠭᠠᠭᠤᠯᠭ᠎ᠠ ᠳᠣᠤᠷ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠭᠤᠤᠯ ᠬᠦᠴᠦᠨ ᠤ ᠦᠢᠯᠡᠳᠦᠯ ᠢ ᠪᠦᠲᠦᠮᠵᠢᠲᠡᠶ ᠪᠠᠳᠠᠷᠠᠭᠤᠯᠤᠬᠰᠠᠨ ᠢᠶᠠᠷ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠴᠠᠭᠠᠨ ᠰᠢᠢᠳᠪᠦᠷᠢᠯᠡᠭᠰᠡᠨ 870 ᠬᠡᠷᠡᠭ ᠤᠨ ᠳᠣᠲᠣᠷ᠎ᠠ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠴᠠᠭᠠᠨ ᠰᠢᠢᠳᠪᠦᠷᠢᠯᠡᠭᠰᠡᠨ ᠭᠡᠷᠡᠭ  86.55 % ᠶᠢ ᠡᠵᠡᠯᠡᠵᠡᠢ᠃      ᠰᠠᠯᠠᠭ᠎ᠠ ᠮᠥᠴᠢᠷ ᠬᠠᠮᠵᠢᠯᠴᠠᠨ ᠬᠦᠴᠢᠷ ᠢ ᠲᠤᠭᠤᠯᠤᠨ ᠪᠡᠷᠬᠡ ᠶᠢ ᠳᠠᠪᠠᠪᠠ᠃ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠬᠦ ᠶᠠᠪᠤᠴᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠨᠢ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠨᠡᠷ᠎ᠡ ᠪᠠᠷ ᠠᠵᠢᠯ ᠤᠨ ᠲᠥᠰᠦᠯ ᠲᠠᠷᠬᠠᠭᠠᠵᠤ᠂ ᠪᠦᠬᠦ ᠬᠤᠲᠠ ᠶᠢᠨ ᠬᠡᠪᠴᠢᠶᠡᠨ ᠳᠤ ︽ᠢᠳᠡᠵᠦ ᠡᠮᠦᠰᠬᠦ ᠶᠠᠪᠤᠵᠤ ᠰᠠᠭᠤᠬᠤ︾ ᠬᠦᠷᠢᠶ᠎ᠡ ᠴᠠᠷᠠᠭᠠᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠤᠨ ᠶᠡᠷᠦᠩᠬᠡᠶᠢᠯᠡᠭᠰᠡᠨ ᠴᠢᠨᠠᠷᠲᠠᠢ ᠲᠤᠬᠢᠷᠠᠭᠤᠯᠤᠯᠳᠠ ᠪᠠᠶᠢᠷᠢᠯᠠᠭᠤᠯᠤᠯᠳᠠ ᠶᠢ ᠬᠢᠪᠡ᠃ ᠡᠭᠦᠨ ᠤ ᠰᠠᠭᠤᠷᠢᠨ ᠳᠡᠭᠡᠷ᠎ᠡ᠂ ︽ᠬᠥᠬᠡᠬᠤᠲᠠ ᠶᠢᠨ ︿ᠢᠳᠡᠵᠦ ᠡᠮᠦᠰᠬᠦ ᠶᠠᠪᠤᠵᠤ ᠰᠠᠭᠤᠬᠤ﹀ ᠬᠦᠷᠢᠶ᠎ᠡ ᠴᠠᠷᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ︾ ᠢ ᠲᠤᠬᠳᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠬᠤᠷᠠᠯᠳᠤᠭᠤᠯᠤᠭᠴᠢ ᠪᠤᠯᠭᠠᠬᠰᠠᠨ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ 13 ᠨᠢᠭᠡᠴᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠬᠠᠮᠲᠤᠷᠠᠭᠰᠠᠨ ᠬᠤᠷᠠᠯ ᠤᠨ ᠠᠵᠢᠯ ᠤᠨ ᠪᠠᠶᠢᠭᠤᠯᠤᠮᠵᠢ ᠶᠢ ᠪᠠᠶᠢᠭᠤᠯᠤᠭᠰᠠᠨ ᠪᠥᠭᠡᠳ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠢᠳᠡᠵᠦ ᠡᠮᠦᠰᠬᠦ ᠶᠠᠪᠤᠵᠤ ᠰᠠᠭᠤᠬᠤ︾ ᠬᠦᠷᠢᠶ᠎ᠡ ᠴᠠᠷᠠᠭᠠᠨ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠵᠢᠯᠴᠠᠨ ᠵᠠᠰᠠᠬᠤ ᠶᠢ ᠪᠡᠶᠡᠯᠡᠭᠦᠯᠪᠡ᠃ ᠤᠷᠢᠳ ᠬᠤᠵᠢᠳ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠤᠭᠤᠯᠠᠨ ᠬᠡᠷ ︵ᠬᠡᠤᠬᠡᠳ ᠰᠠᠭᠠᠲᠠᠭᠤᠯᠬᠤ ᠪᠠᠶᠢᠭᠤᠯᠤᠮᠵᠢ ᠪᠠᠭᠲᠠᠨ᠎ᠠ︶ ᠤᠨ ᠬᠠᠮᠲᠤ ᠶᠢᠨ ᠬᠤᠭᠤᠯᠠ ᠬᠦᠷᠭᠡᠬᠦ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠬᠢᠬᠦ᠂ ᠬᠡᠤᠬᠡᠳ ᠤᠨ ᠬᠡᠷᠡᠭᠰᠡᠯ ᠪᠠ ᠰᠣᠷᠣᠭᠴᠢ ᠶᠢᠨ ᠬᠤᠪᠴᠠᠰᠤ ᠬᠤᠨᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠳᠠ ᠬᠢᠬᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠦᠷᠢᠶᠡᠨ ᠳᠠᠬᠢ ᠲᠤᠰᠬᠠᠶ ᠴᠡᠭᠴᠡᠯᠡᠨ  ᠵᠠᠰᠠᠯᠳᠠ ᠶᠢᠨ ᠵᠠᠭᠤᠨ ᠡᠳᠦᠷ ᠤᠨ ᠠᠵᠢᠯᠯᠠᠭ᠎ᠠ ᠶᠢᠨ ︽ᠡᠷᠬᠢᠨ ᠬᠠᠷᠠᠬᠤ︾ ᠰᠢᠷᠢᠰ ᠠᠵᠢᠯᠯᠠᠭ᠎ᠠ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠠᠵᠢᠯ ᠲᠥᠷᠥᠯ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠨᠢᠭᠡᠳᠦᠯᠳᠡᠢ ᠵᠠᠰᠠᠬᠤ ᠪᠠ ᠭᠦᠨᠵᠡᠭᠡᠶ ᠠᠭᠤᠳᠠᠯᠵᠤ ᠲᠦᠢᠯᠪᠤᠷᠢᠲᠠᠶ ᠪᠠᠶᠢᠴᠠᠭᠠᠪᠠ᠃      ᠵᠠᠭᠤᠴᠢᠯᠠᠭᠤᠷ ᠬᠠᠮᠵᠢᠯᠴᠠᠵᠦ᠂ ᠬᠠᠷᠢᠯᠴᠠᠨ ᠦᠢᠯᠡᠳᠦᠯᠴᠡᠵᠦ ᠴᠦ᠋ᠦᠷᠢᠶᠠᠲᠤᠨ  ᠲᠠᠭᠠᠪᠠ᠃ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠦᠭᠰᠡᠨ ᠡᠬᠢᠨ ᠤ ᠦᠶ᠎ᠡ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ   ᠨᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠬᠦ ᠠᠷᠭ᠎ᠠ ᠪᠠᠷ ᠨᠡᠶᠢᠭᠡᠮ ᠤᠨ ᠡᠯ᠎ᠡ ᠡᠲᠡᠭᠡᠳ ᠲᠤ ᠴᠡᠭᠴᠡᠯᠡᠨ ᠵᠠᠰᠠᠬᠤ ᠰᠡᠳᠬᠢᠴᠡ᠂ ᠴᠡᠭᠴᠡᠯᠡᠨ ᠵᠠᠰᠠᠬᠤ ᠭᠤᠤᠯᠳᠠᠯᠭ᠎ᠠ᠂ ᠴᠡᠭᠴᠡᠯᠡᠨ ᠵᠠᠰᠠᠬᠤ ᠠᠷᠭ᠎ᠠ ᠬᠡᠯᠪᠡᠷᠢ ᠵᠡᠷᠭᠡ ᠭᠤᠤᠯᠳᠠᠯᠭ᠎ᠠ ᠲᠠᠢ ᠠᠭᠤᠯᠭ᠎ᠠ ᠶᠢ ᠢᠯᠡ ᠪᠤᠯᠭᠠᠵᠤ᠂ ᠵᠠᠭᠤᠴᠢᠯᠠᠭᠤᠷ ᠢᠶᠠᠷ ᠢᠯᠡ  ᠨᠡᠶᠢᠳᠡᠯᠡᠬᠦᠯᠦᠭᠰᠡᠨ ᠠᠴᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠤᠰᠬᠠᠶ ᠴᠡᠭᠴᠡᠯᠡᠨ ᠵᠠᠰᠠᠯᠳᠠ ᠪᠠ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠨᠠᠩ ᠢᠯᠡᠭᠦᠤ ᠵᠣᠬᠢᠴᠠᠭᠤᠯᠵᠤ᠂ ᠣᠯᠠᠨ ᠲᠦᠮᠡᠨ ᠢ ᠠᠵᠢᠯᠯᠠᠭ᠎ᠠ ᠶᠢᠨ ᠣᠷᠣᠯᠴᠠᠭᠴᠢ᠂ ᠬᠢᠨᠠᠯᠲᠠ ᠲᠠᠯᠪᠢᠭᠴᠢ ᠪᠠ ᠦᠨᠡᠯᠡᠭᠴᠢ ᠪᠣᠯᠭᠠᠵᠤ᠂ ᠲᠤᠰᠬᠠᠶ ᠴᠡᠭᠴᠡᠯᠡᠨ  ᠵᠠᠰᠠᠯᠳᠠ ᠶᠢ ᠴᠦ᠋ᠦᠷᠢᠶᠠᠲᠤᠨ ᠳᠠᠭᠠᠬᠤ ᠬᠡᠮᠵᠢᠶ᠎ᠡ ᠶᠢ ᠳᠡᠭᠡᠭᠰᠢᠯᠡᠭᠦᠯᠪᠡ᠃ ᠲᠤᠰᠬᠠᠶ ᠴᠡᠭᠴᠡᠯᠡᠨ ᠵᠠᠰᠠᠯᠲᠠ ᠶᠢ ᠠᠬᠢᠭᠤᠯᠬᠤ ᠶᠠᠪᠤᠴᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠣᠰ ᠰᠠᠯᠠᠭ᠎ᠠ ᠮᠥᠴᠢᠷ ᠤᠨ ᠢᠶᠠᠨ ︽ᠸᠢᠴᠠᠲ ᠪᠢᠴᠢᠯ ᠪᠦᠷᠭᠡ ᠪᠠ ᠰᠢᠯᠵᠢᠶ᠎ᠡ︾ ᠶᠢ ᠵᠠᠭᠤᠴᠢᠯᠠᠭᠤᠷ᠂ ᠣᠯᠠᠨ ᠲᠦᠮᠡᠨ ᠬᠠᠷᠢᠯᠴᠠᠨ ᠦᠢᠯᠡᠳᠦᠯᠴᠡᠬᠦ ︽ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ︾ ᠪᠣᠯᠭᠠᠨ ᠪᠠᠶᠢᠭᠤᠯᠪᠠ᠃ ᠨᠢᠭᠡ ᠲᠠᠯ᠎ᠠ ᠪᠠᠷ᠂ ︽ᠢᠳᠡᠵᠦ ᠡᠮᠦᠰᠬᠦ ᠶᠠᠪᠤᠵᠤ ᠰᠠᠭᠤᠬᠤ︾ ᠲᠤᠰᠬᠠᠶ ᠪᠤᠯᠤᠩ ᠭᠠᠷᠭᠠᠵᠤ᠂ ︽ᠢᠳᠡᠵᠦ ᠡᠮᠦᠰᠬᠦ ᠶᠠᠪᠤᠵᠤ ᠰᠠᠭᠤᠬᠤ︾ ᠶᠢᠨ ᠬᠤᠯᠪᠣᠭᠳᠠᠯ ᠪᠦᠬᠦᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠨᠡᠶᠢᠲᠡᠯᠡᠵᠦ᠂ ᠵᠠᠭᠤᠴᠢᠯᠠᠭᠤᠷ ᠪᠣᠯᠤᠨ ᠣᠯᠠᠨ ᠲᠦᠮᠡᠨ ᠳᠤ ᠬᠤᠯᠪᠣᠭᠳᠠᠯ ᠪᠦᠬᠦᠢ ᠪᠠᠶᠢᠳᠠᠯ ᠢ ᠲᠡᠷᠡ ᠲᠤᠤᠷ᠎ᠠ ᠨᠢ ᠣᠶᠢᠯᠠᠭᠠᠭᠤᠯᠤᠨ ᠡᠵᠡᠮᠰᠢᠭᠦᠯᠪᠡ᠃ ᠨᠥᠭᠦᠭᠡ ᠲᠠᠯ᠎ᠠ ᠪᠠᠷ᠂ ︽ᠸᠢᠴᠠᠲ ᠪᠢᠴᠢᠯ ᠪᠦᠷᠭᠡ ᠪᠠ ᠰᠢᠯᠵᠢᠶ᠎ᠡ︾ ᠳᠤ ᠣᠯᠠᠨ ᠨᠡᠶᠢᠲᠡ ᠶᠢᠨ ᠦᠯᠡᠳᠡᠭᠡᠭᠰᠡᠨ ᠦᠭᠡ ᠪᠠᠷ ᠳᠠᠮᠵᠢᠭᠤᠯᠤᠨ᠂ ᠵᠠᠭᠤᠴᠢᠯᠠᠭᠤᠷ ᠪᠠ ᠣᠯᠠᠨ ᠲᠦᠮᠡᠨ ᠤ ᠲᠤᠰᠬᠠᠭᠰᠠᠨ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠣᠨᠴᠠᠭᠠᠶ ᠬᠡᠷᠡᠭ ᠲᠤ ︽ᠲᠤᠰ ᠲᠤᠰ ᠲᠤᠨᠢ︾ ᠬᠠᠷᠢᠭᠤᠯᠲᠠ ᠥᠭᠴᠦ᠂ ᠨᠡᠶᠢᠳᠡᠮ ᠤᠨ ᠴᠢᠨᠠᠷᠲᠠᠶ ᠠᠴᠢ ᠬᠤᠯᠪᠣᠭᠳᠠᠯ ᠪᠦᠬᠦᠢ ᠭᠤᠮᠣᠳᠠᠯ ᠲᠣᠭᠠᠴᠢᠯᠲᠠ ᠶᠢ ᠳᠣᠲᠣᠭᠠᠳᠤ ᠪᠠᠶᠢᠭᠤᠯᠤᠮᠵᠢ ᠶᠢ ᠰᠢᠮᠳᠠᠭᠤᠯᠤᠨ ᠴᠠᠭ ᠲᠤᠬᠠᠶ ᠳᠤᠨᠢ   ᠰᠢᠢᠳᠪᠦᠷᠢᠯᠡᠬᠦᠯᠦᠭᠰᠡᠨ` ᠤ ᠬᠠᠮᠲᠤ᠂ ᠲᠤᠰᠬᠠᠶ ᠠᠵᠢᠯᠯᠠᠭ᠎ᠠ ᠶᠢᠨ ᠲᠥᠰᠦᠯ ᠲᠣᠭᠲᠠᠭᠠᠵᠤ᠂ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢ ᠪᠦᠲᠦᠮᠵᠢᠲᠡᠶ ᠵᠠᠰᠠᠬᠤ ᠶᠢ ᠪᠡᠶᠡᠯᠡᠭᠦᠯᠵᠡᠢ᠃      ︽ᠰᠠᠭᠤᠬᠤ︾ ᠬᠦᠷᠢᠶ᠎ᠡ ᠴᠠᠷᠠᠭ᠎ᠠ ᠶᠢ ᠴᠡᠭᠴᠡᠯᠡᠨ ᠵᠠᠰᠠᠬᠤ ᠶᠢ ᠠᠬᠢᠭᠤᠯᠬᠤ ᠶᠠᠪᠤᠴᠠ ᠳᠤ᠂ ᠬᠡᠷ ᠪᠠᠶᠢᠰᠢᠩ ᠵᠠᠰᠠᠵᠤ ᠴᠢᠮᠡᠭᠯᠡᠬᠦ ᠲᠠᠯ᠎ᠠ ᠪᠠᠷ ᠬᠢ ᠭᠤᠮᠣᠳᠠᠯ ᠱᠠᠭᠠᠷᠳᠠᠯᠭ᠎ᠠ ᠣᠯᠠᠨ ᠪᠠᠶᠢᠬᠤ ᠪᠥᠭᠡᠳ ᠬᠠᠮᠢᠶ᠎ᠠ ᠪᠥᠬᠦᠶ ᠭᠡᠷ᠎ᠡ ᠶᠢᠨ ᠵᠢᠭᠤᠷᠠᠯᠳᠤᠭᠠᠨ ᠪᠠᠶᠢᠨ ᠳᠠᠬᠢᠨ ᠭᠠᠷᠴᠤ ᠪᠠᠶᠢᠬᠤ ᠶᠢ ᠬᠠᠤᠯᠢ ᠬᠡᠷᠡᠭᠵᠢᠭᠦᠯᠬᠦ ᠠᠵᠢᠯᠲᠠᠨ ᠣᠯᠵᠤ ᠮᠡᠳᠡᠵᠡᠶ᠃ ᠡᠨᠡ ᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠥᠬᠡᠬᠤᠲᠠ ᠶᠢᠨ ᠬᠡᠷ ᠳᠣᠲᠣᠷᠠᠬᠢ ᠵᠠᠰᠠᠯ ᠴᠢᠮᠡᠭᠯᠡᠯ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ᠂ ︽ᠬᠥᠬᠡᠬᠤᠲᠠ ᠶᠢᠨ ᠬᠡᠷ ᠪᠠᠢᠰᠢᠩ ᠤᠨ ᠵᠠᠰᠠᠯ ᠴᠢᠮᠡᠭᠯᠡᠯ ᠤᠨ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠭᠡᠷ᠎ᠡ︾᠂ ︽ᠬᠥᠬᠡᠬᠤᠲᠠ ᠶᠢᠨ ᠬᠡᠷ ᠪᠠᠢᠰᠢᠩ ᠤᠨ ᠵᠠᠰᠠᠯ ᠴᠢᠮᠡᠭᠯᠡᠯ ᠤᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠭᠡᠷ᠎ᠡ︾ ᠶᠢ ᠵᠢᠷᠤᠮᠵᠢᠭᠤᠯᠵᠤ᠂ ᠵᠢᠷᠤᠭ ᠲᠥᠯᠥᠪᠯᠡᠭᠡ ᠶᠢᠨ ᠵᠠᠷᠤᠳᠠᠯ ᠢ ᠪᠤᠳᠤᠬᠤ ᠠᠷᠭ᠎ᠠ ᠮᠠᠶ᠋ᠢᠭ᠂ ᠵᠢᠷᠤᠭ ᠲᠥᠯᠥᠪᠯᠡᠭᠡ ᠶᠢᠨ ᠠᠭᠤᠯᠭ᠎ᠠ ᠪᠠ ᠠᠬᠢᠴᠠ᠂ ᠬᠤᠶᠠᠷ ᠲᠠᠯ᠎ᠠ ᠶᠢᠨ ᠡᠷᠬᠡ ᠡᠭᠦᠷᠭᠡ ᠵᠡᠷᠭᠡ ᠲᠠᠯ᠎ᠠ ᠪᠠᠷ ᠬᠤᠯᠪᠣᠭᠳᠠᠯ ᠪᠥᠬᠦᠶ ᠭᠡᠷ᠎ᠡ ᠶᠢᠨ ᠵᠦᠢᠯ ᠵᠤᠷᠪᠤᠰ ᠢ ᠵᠢᠷᠤᠮᠵᠢᠭᠤᠯᠪᠠ᠃ ᠡᠭᠦᠨ ᠤ ᠬᠠᠮᠲᠤ᠂ ᠲᠤᠰ ᠨᠡᠶᠢᠭᠡᠮᠯᠢᠭ ᠲᠠᠢ ᠬᠠᠮᠲᠤ ᠪᠠᠷ ᠵᠠᠰᠠᠵᠤ ᠴᠢᠮᠡᠭᠯᠡᠬᠦ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠠᠰᠠᠭᠤᠳᠠᠯ ᠪᠠ ᠡᠵᠡᠩᠨᠡᠯᠲᠡ ᠶᠢᠨ ᠵᠢᠷᠤᠮᠵᠢᠯ ᠢ ᠰᠤᠳᠤᠯᠤᠨ ᠶᠠᠷᠢᠯᠴᠠᠵᠤ᠂ ᠬᠠᠮᠵᠢᠯᠴᠠᠬᠤ ᠬᠦᠴᠦᠨ ᠢᠶᠠᠷ ᠢᠶᠠᠨ ᠠᠵᠢᠯ ᠲᠦᠷᠦᠯ ᠤᠨ ᠰᠠᠮᠠᠭᠤᠨ ᠪᠠᠶᠢᠳᠠᠯ ᠢ ᠵᠠᠰᠠᠵᠤ᠂ ᠠᠵᠢᠯ ᠲᠦᠷᠦᠯ ᠤᠨ ᠡᠷᠡᠭᠦᠯ ᠢᠶᠠᠷ ᠬᠥᠭᠵᠢᠬᠦᠯᠬᠦ ᠶᠢ ᠴᠢᠷᠮᠠᠶᠢᠨ ᠠᠬᠢᠭᠤᠯᠪᠠ᠃      ᠪᠦᠬᠦ ᠠᠷᠠᠳ ᠢᠶᠠᠷ ᠢᠶᠠᠨ ᠬᠢᠨᠠᠯᠲᠠ ᠲᠠᠯᠪᠢᠵᠤ᠂ ᠨᠡᠶᠢᠭᠡᠮ ᠢᠶᠠᠷ ᠢᠶᠠᠨ ᠬᠠᠮᠲᠤ ᠪᠠᠷ ᠵᠠᠰᠠᠪᠠ᠃ ᠨᠡᠶᠢᠭᠡᠮᠴᠢᠯᠡᠭᠰᠡᠨ ᠬᠠᠮᠵᠢᠯᠴᠠᠨ ᠬᠢᠨᠠᠨ ᠬᠠᠮᠢᠶᠠᠷᠬᠤ ᠠᠷᠭ᠎ᠠ ᠵᠠᠮ ᠢ ᠰᠦᠪᠡᠭᠴᠢᠯᠡᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ︽ᠬᠥᠬᠡᠬᠤᠲᠠ ᠶᠢᠨ ᠠᠷᠪᠠ ᠬᠤᠨᠤᠭ ᠤᠨ ᠪᠠᠶᠢᠴᠠᠭᠠᠯᠲᠠ︾ ᠶᠢᠨ ᠲᠤᠰᠬᠠᠶ ᠠᠵᠢᠯᠯᠠᠭ᠎ᠠ ᠶᠢ ︽ᠢᠳᠡᠵᠦ ᠡᠮᠦᠰᠬᠦ ᠶᠠᠪᠤᠵᠤ ᠰᠠᠭᠤᠬᠤ︾ ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠯᠳᠠ ᠶᠢᠨ ᠪᠦᠲᠦᠮᠵᠢᠲᠡᠶ ᠤᠷᠲᠤᠳᠬᠠᠯ ᠪᠣᠯᠭᠠᠵᠤ᠂ ᠠᠷᠪᠠ ᠬᠤᠨᠤᠭ ᠲᠤ ᠨᠢᠭᠡ ᠤᠳᠠᠭ᠎ᠠ ᠨᠢᠭᠡᠳᠦᠯᠳᠡᠢ ᠠᠵᠢᠯᠯᠠᠭ᠎ᠠ ᠥᠷᠨᠢᠭᠦᠯᠵᠦ᠂ ᠣᠷᠣᠨ ᠤ ᠲᠥᠪ ᠬᠤᠲᠠ ᠶᠢᠨ ᠠᠷᠠᠳ ᠤᠨ ᠠᠮᠢᠳᠤᠷᠠᠯ ᠤᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠲᠣᠭᠲᠠᠭᠤᠨ ᠢ ᠬᠦᠨᠳᠦ ᠨᠣᠴᠢᠲᠠᠶ ᠨᠦᠯᠦᠬᠡᠯᠡᠵᠦ ᠪᠠᠶᠢᠭ᠎ᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠪᠠᠷ ᠵᠠᠰᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ᠂ ᠵᠠᠭᠤᠴᠢᠯᠠᠭᠤᠷ ᠤᠨ ᠬᠢᠨᠠᠯᠲᠠ᠂ ᠣᠯᠠᠨ ᠲᠦᠮᠡᠨ ᠤ ᠬᠢᠨᠠᠯᠲᠠ᠂ ᠰᠠᠯᠠᠭ᠎ᠠ ᠮᠥᠴᠢᠷ ᠤᠨ ᠬᠢᠨᠠᠯᠲᠠ ᠶᠢᠨ ᠶᠡᠷᠦᠩᠬᠡᠶᠢᠯᠡᠭᠰᠡᠨ ᠴᠢᠨᠠᠷᠲᠠᠶ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ︽ᠨᠠᠷᠢᠨ ᠬᠠᠭᠤᠳᠠᠰᠤ ᠵᠣᠬᠢᠶᠠᠬᠤ᠂ ᠰᠦᠪᠡᠭᠴᠢ ᠶᠢ ᠤᠶᠢᠯᠠᠭᠠᠨ ᠮᠡᠳᠡᠬᠦ᠂  ᠠᠷᠪᠠ ᠬᠤᠨᠤᠭ ᠲᠤ ᠨᠢᠭᠡ ᠤᠳᠠᠭ᠎ᠠ ᠪᠠᠶᠢᠴᠠᠭᠠᠬᠤ᠂ ᠨᠢᠭᠡᠳᠦᠯᠳᠡᠢ ᠬᠥᠳᠡᠯᠦᠯᠴᠡᠬᠦ᠂ ᠡᠯ᠎ᠡ ᠡᠲᠡᠭᠡᠳ ᠤᠨ ᠬᠢᠨ ᠣᠷᠣᠯᠴᠠᠬᠤ᠂ ᠢᠯᠡ ᠪᠠᠷ ᠢᠯᠡᠴᠢᠯᠡᠬᠦ︾ ᠠᠷᠭ᠎ᠠ ᠮᠠᠶ᠋ᠢᠭ ᠢ ᠬᠡᠷᠡᠭᠯᠡᠨ᠂ ᠭᠤᠤᠯ ᠴᠣᠭᠴᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠢᠭᠡ ᠪᠦᠯᠦᠭ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ  ᠰᠢᠢᠳᠪᠦᠷᠢᠯᠡᠵᠦ᠂ ᠨᠢᠭᠡ ᠪᠦᠯᠦᠭ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠠᠰᠠᠵᠤ ᠵᠢᠷᠤᠮᠵᠢᠭᠤᠯᠤᠨ᠂ ᠨᠢᠭᠡ ᠪᠦᠯᠦᠭ ᠨᠡᠶᠢᠲᠡᠯᠢᠭ ᠬᠡᠷᠡᠭ ᠢ ᠢᠯᠡᠴᠢᠯᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠢᠶᠠᠷ ᠰᠠᠶᠢᠨ ᠬᠠᠮᠠᠭᠠᠯᠠᠵᠠᠢ᠃http://mongol.people.com.cn/15834026.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号