ᠬᠥᠬᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠪᠣᠰᠬᠠᠵᠤ ᠠᠵᠢᠯ ᠣᠯᠬᠤ ᠬᠦᠷᠢᠶᠡᠯᠡᠩ ᠫᠠᠶᠢᠰᠠ ᠪᠠᠨ ᠰᠡᠬᠦᠪᠡ
ᠨᠡᠶᠢᠲᠡᠯᠡᠭᠰᠡᠨ ᠴᠠᠭ᠄
2020/12/30
      ︵ᠰᠤᠷᠪᠤᠯᠵᠢᠯᠠᠭᠴᠢ ᠠᠷᠢᠭᠤᠨ᠎ᠠ︶ 12 ᠳ᠋ᠤᠭᠠᠷ ᠰᠠᠷ᠎ᠠ ᠶᠢᠨ 29 ᠤ ᠡᠳᠦᠷ᠂ ᠬᠥᠬᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠪᠣᠰᠬᠠᠵᠤ ᠠᠵᠢᠯ ᠣᠯᠬᠤ ᠬᠦᠷᠢᠶᠡᠯᠡᠩ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ ᠰᠦᠨ ᠪᠢᠩ ᠸᠧᠨ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠰᠢᠦᠢ ᠷᠦᠢ ᠰᠢᠶᠠ ᠪᠠᠶᠠᠷ ᠤᠨ ᠦᠭᠡ ᠶᠠᠷᠢᠪᠠ᠃       ᠣᠶᠢᠯᠠᠭᠠᠭᠰᠠᠨ ᠢᠶᠠᠷ᠂ ᠬᠥᠬᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠪᠣᠰᠬᠠᠵᠤ ᠠᠵᠢᠯ ᠣᠯᠬᠤ ᠬᠦᠷᠢᠶᠡᠯᠡᠩ ᠢ ᠪᠦᠲᠦᠭᠡᠨ ᠪᠠᠶᠢᠭᠤᠯᠬᠤ ᠪᠠ ︽ᠮᠢᠩᠭᠠᠨ ᠠᠵᠤ ᠠᠬᠤᠶᠢᠯᠠᠯ ᠢ ᠮᠢᠩᠭᠠᠨ ᠴᠡᠷᠢᠭ ᠲᠠᠢ ᠬᠤᠯᠪᠣᠬᠤ︾ ᠲᠥᠯᠥᠪᠯᠡᠭᠡ ᠶᠢ ᠬᠡᠷᠡᠭᠵᠢᠭᠦᠯᠬᠦ ᠪᠣᠯ ᠮᠠᠨ ᠤ ᠬᠤᠲᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠲᠤᠬᠠᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠨᠢᠭᠡᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ 2020 ᠣᠨ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠪᠣᠰᠬᠠᠵᠤ ᠠᠵᠢᠯ ᠣᠯᠬᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠶᠢ ᠭᠤᠣᠯᠳᠠᠯᠭ᠎ᠠ ᠲᠠᠢ ᠠᠵᠢᠯ ᠳᠤ ᠣᠷᠣᠭᠤᠯᠤᠨ ᠲᠦᠯᠬᠢᠨ ᠠᠬᠢᠭᠤᠯᠵᠤ᠂ ᠭᠤᠷᠪᠠᠨ ᠵᠢᠯ ᠤᠨ ᠳᠣᠲᠣᠷ᠎ᠠ ᠵᠠᠰᠠᠭ ᠤᠨ ᠣᠷᠳᠣᠨ ᠠᠴᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠪᠣᠰᠬᠠᠵᠤ ᠠᠵᠢᠯ ᠣᠯᠬᠤ ᠬᠦᠷᠢᠶᠡᠯᠡᠩ ᠳᠤ ᠠᠯᠪᠠᠯᠠᠬᠤ ᠭᠠᠵᠠᠷ ᠲᠦᠷᠢᠶᠡᠰᠦᠯᠡᠭᠦᠯᠦᠨ᠂ ᠨᠥᠬᠦᠴᠡᠯ ᠳᠤ ᠨᠡᠶᠢᠴᠡᠭᠰᠡᠨ ᠴᠡᠷᠢᠭ ᠬᠥᠮᠥᠨ ᠠᠵᠤ ᠠᠬᠤᠶᠢᠯᠠᠯ ᠡᠷᠬᠢᠯᠡᠬᠦ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠢ ᠡᠯᠰᠡᠨ ᠬᠡᠷᠡᠭᠯᠡᠵᠦ ᠠᠵᠢᠯ ᠣᠯᠭᠤᠬᠤ ᠠᠵᠤ ᠠᠬᠤᠶᠢᠯᠠᠯ ᠢ ᠲᠦᠷᠢᠶᠡᠰᠦᠨ ᠮᠥᠩᠭᠦ ᠶᠢ ᠬᠡᠯᠲᠦᠷᠢᠭᠦᠯᠦᠨ ᠨᠤᠲᠤᠭᠰᠢᠭᠤᠯᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠪᠣᠰᠬᠠᠵᠤ ᠠᠵᠢᠯ ᠣᠯᠬᠤ ᠬᠦᠷᠢᠶᠡᠯᠡᠩ ᠭᠤᠷᠪᠠᠨ ᠵᠢᠯ ᠤᠨ ᠳᠣᠲᠣᠷ᠎ᠠ ︽ᠮᠢᠩᠭᠠᠨ ᠠᠵᠤ ᠠᠬᠤᠶᠢᠯᠠᠯ ᠢ ᠮᠢᠩᠭᠠᠨ ᠴᠡᠷᠢᠭ ᠲᠠᠢ ᠬᠤᠯᠪᠣᠬᠤ︾ ᠲᠥᠯᠥᠪᠯᠡᠭᠡ ᠶᠢ ᠪᠡᠶᠡᠯᠡᠭᠦᠯᠵᠡᠢ᠃ ᠭᠤᠷᠪᠠᠨ ᠵᠢᠯ ᠤᠨ ᠳᠣᠲᠣᠷ᠎ᠠ ᠬᠦᠷᠢᠶᠡᠯᠡᠩ ᠳᠤ ᠤᠷᠤᠭᠤᠯᠵᠤ ᠨᠡᠪᠴᠢᠭᠦᠯᠦᠭᠰᠡᠨ ᠠᠵᠤ ᠠᠬᠤᠶᠢᠯᠠᠯ 80 ᠬᠦᠷᠴᠦ᠂ ᠨᠡᠪᠴᠢᠭᠦᠯᠬᠦ ᠶᠢ ᠲᠡᠭᠦᠰᠬᠡᠭᠰᠡᠨ ᠠᠵᠤ ᠠᠬᠤᠶᠢᠯᠠᠯ ᠨᠡᠶᠢᠲᠡ 23 ᠬᠦᠷᠴᠦ᠂ ᠪᠡᠯᠡ ᠣᠷᠣᠭᠤᠯᠤᠯᠲᠠ ᠶᠢᠨ ᠬᠡᠮᠵᠢᠶ᠎ᠡ 200 ᠲᠦᠮᠡᠨ ᠲᠥᠭᠦᠷᠢᠭ ᠬᠦᠷᠦᠭᠰᠡᠨ ᠰᠢᠭᠤᠳ ᠪᠡᠯᠡ ᠣᠷᠣᠭᠤᠯᠤᠯᠲᠠ ᠶᠢᠨ ᠲᠥᠷᠥᠯ ᠵᠦᠢᠯ 7 ᠶᠢ ᠪᠡᠶᠡᠯᠡᠭᠦᠯᠵᠦ᠂ ᠨᠡᠪᠴᠢᠭᠦᠯᠬᠦ ᠠᠵᠤ ᠠᠬᠤᠶᠢᠯᠠᠯ ᠤᠨ ᠶᠡᠷᠦᠩᠬᠡᠢ ᠦᠢᠯᠡᠳᠪᠦᠷᠢᠯᠡᠯ ᠤᠨ ᠥᠷᠲᠡᠭ 1 ᠳ᠋ᠦᠩᠰᠢᠭᠤᠷ ᠲᠥᠭᠦᠷᠢᠭ ᠬᠦᠷᠴᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠠᠶᠢᠴᠢᠯᠠᠨ ᠦᠢᠯᠡᠰ ᠪᠣᠰᠬᠠᠭᠰᠠᠨ ᠬᠥᠮᠥᠨ ᠤ ᠲᠤᠭ᠎ᠠ 2000 ᠶᠢ ᠳᠠᠪᠠᠵᠠᠢ᠃      ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠬᠥᠬᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠪᠣᠰᠬᠠᠵᠤ ᠠᠵᠢᠯ ᠣᠯᠬᠤ  ᠬᠦᠷᠢᠶᠡᠯᠡᠩ ᠳᠤ ᠣᠷᠣᠬᠤ ᠠᠵᠤ ᠠᠬᠤᠶᠢᠯᠠᠯ ᠤᠨ ᠲᠥᠷᠥᠯ ᠵᠦᠢᠯ ᠢ ᠵᠣᠯᠭᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号