ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ 112 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠬᠦᠴᠦᠨ ᠥᠬᠡᠶ ᠪᠣᠯᠭᠠᠭᠰᠠᠨ ᠪᠠ ᠳᠣᠷᠣᠭᠰᠢ ᠪᠠᠭᠤᠯᠭᠠᠪᠠ
ᠨᠡᠶᠢᠲᠡᠯᠡᠭᠰᠡᠨ ᠴᠠᠭ᠄
2020/12/30
      ᠦᠪᠦᠷ ᠮᠤᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠤ ᠬᠤᠢ︶ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠤᠢᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢᠶᠠᠷ ᠭᠠᠷᠳᠠᠴᠠ ᠪᠣᠯᠭᠠᠵᠤ᠂ ᠨᠡᠶᠢᠳᠡ 112 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯ ᠢ ᠬᠦᠴᠦᠨ ᠦᠭᠡᠢ ᠪᠣᠯᠭᠠᠭᠰᠠᠨ ᠪᠤᠶᠤ ᠡᠷᠬᠡ ᠶᠢ ᠳᠣᠷᠣᠭᠰᠢ ᠪᠠᠭᠤᠯᠭᠠᠵᠤ᠂ ᠣᠳᠣᠬᠠᠨ ᠳᠤ ᠵᠥᠪᠬᠡᠨ 13 ᠵᠦᠢᠯ ᠤᠨ ᠡᠷᠬᠡ ᠶᠢ ᠦᠯᠡᠳᠡᠭᠡᠵᠡᠢ᠃      ᠡᠭᠦᠨ ᠠᠴᠠ ᠭᠠᠳᠠᠨ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠳᠠᠩᠰᠠᠯᠠᠭᠤᠯᠤᠯᠲᠠ ᠶᠢ ᠬᠦᠴᠦᠨ ᠥᠬᠡᠶ ᠪᠣᠯᠭᠠᠵᠤ᠂ ᠦᠨ᠎ᠡ ᠬᠠᠶᠠᠵᠤ ᠬᠤᠳᠠᠯᠳᠤᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ ᠪᠠ ᠬᠢᠯᠢ ᠶᠢᠨ ᠭᠠᠳᠠᠨ᠎ᠠ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠳᠠᠩᠰᠠᠯᠠᠭᠤᠯᠤᠯᠲᠠ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠲᠦᠷᠦᠭᠦᠯᠡᠨ ᠬᠢᠬᠦ ᠡᠯ᠎ᠡ ᠰᠠᠯᠠᠭ᠎ᠠ ᠮᠥᠴᠢᠷ ᠤᠨ ᠬᠢᠨ ᠪᠣᠭᠤᠮᠲᠠ ᠶᠢᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠠᠰᠠᠭᠤᠳᠠᠯ ᠢ ᠬᠦᠴᠦᠲᠡᠶ ᠴᠡᠭᠴᠡᠯᠡᠨ ᠵᠠᠰᠠᠵᠤ᠂ ᠰᠦᠢᠳᠬᠡᠯ ᠬᠤᠷᠢᠶᠠᠬᠤ ᠲᠥᠷᠥᠯ ᠵᠦᠢᠯ ᠢ 78 ᠵᠦᠢᠯ ᠪᠠᠶᠢᠭᠰᠠᠨ ᠠᠴᠠ 52 ᠵᠦᠢᠯ ᠪᠣᠯᠭᠠᠨ ᠪᠠᠭᠠᠰᠬᠠᠪᠠ᠃      ᠡᠭᠦᠨ ᠤ ᠬᠠᠮᠲᠤ᠂ ᠪᠣᠭᠤᠮᠲᠠ ᠶᠢᠨ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠮᠣᠩᠭᠤᠯ᠂ ᠳᠤᠮᠳᠠᠳᠤ ᠣᠷᠣᠰ ᠤᠨ ᠡᠯᠧᠺᠲᠷᠣᠨ ᠲᠤᠭ᠎ᠠ ᠪᠠᠷᠢᠮᠲᠠ ᠶᠢ ᠳᠠᠮᠵᠢᠭᠤᠯᠬᠤ᠂ ᠪᠣᠭᠤᠮᠲᠠ ᠶᠢᠨ ᠪᠦᠷᠢᠳᠭᠡᠯ ᠳ᠋ᠠᠶᠢᠲᠨ ᠶᠢ ᠬᠠᠷᠢᠯᠴᠠᠨ ᠰᠣᠯᠢᠯᠴᠠᠬᠤ᠂ ᠪᠣᠭᠤᠮᠲᠠ ᠶᠢᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠪᠠ᠃ ᠲᠠᠭᠠᠭᠠᠵᠤ ᠪᠠᠳᠤᠯᠠᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠤᠮᠳᠠ ᠵᠢᠵᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠲᠠᠪᠴᠠᠩ ᠢ ᠪᠠᠶᠢᠭᠤᠯᠤᠨ᠂ ᠤᠬᠠᠭᠤᠯᠭ᠎ᠠ ᠶᠢᠨ ᠭᠠᠷ ᠠᠪᠤᠯᠭ᠎ᠠ ᠶᠢ ᠨᠠᠶᠢᠷᠠᠭᠤᠯᠵᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠬᠤᠷᠠᠯᠳᠤᠭᠤᠯᠤᠨ᠂ ᠨᠢᠭᠡ ᠨᠢᠭᠡ ᠪᠠᠷ ᠬᠠᠷᠠᠭᠠᠯᠵᠠᠭᠤᠯᠤᠬᠰᠠᠨ ᠨᠠᠷᠢᠯᠢᠬ ᠤᠨᠤᠴᠠᠳᠠᠢ ᠦᠢᠯᠡᠴᠢᠯᠡᠭᠡ ᠶᠢ  ᠦᠷᠨᠢᠭᠦᠯᠪᠡ᠃      ᠣᠳᠣᠬᠠᠨ ᠳᠤ᠂ ᠥᠪᠥᠷ ᠮᠣᠩᠭᠤᠯ ᠤᠨ ᠳᠤᠮᠳᠠ ᠵᠢᠵᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠵᠢᠭᠡᠯᠡᠯᠭᠡ ᠪᠠ ᠪᠠᠯᠠ ᠲᠤᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠬᠤᠶᠠᠷ ᠳᠠᠭᠠᠭᠠᠯᠲᠠ ᠶᠢᠨ ᠺᠣᠮᠫᠠᠨᠢ ᠲᠠᠢ ᠬᠠᠮᠲᠤᠷᠠᠨ 24 ᠠᠵᠤ ᠠᠬᠤᠶᠢᠯᠠᠯ ᠳᠤ ᠨᠡᠶᠢᠲᠡ 17410 ᠲᠦᠮᠡᠨ ᠲᠥᠭᠦᠷᠢᠭ ᠤᠨ ᠳᠠᠭᠠᠭᠠᠯᠲᠠ ᠶᠢᠨ ᠮᠥᠩᠭᠦ ᠶᠢ ᠬᠢᠨᠠᠨ ᠵᠥᠪᠰᠢᠶᠡᠷᠡᠵᠦ᠂ ᠬᠤᠷᠰᠢᠭᠰᠠᠨ ᠪᠠᠩᠬᠢ ᠨᠢ 12 ᠠᠵᠤ ᠠᠬᠤᠶᠢᠯᠠᠯ ᠳᠤ 10700 ᠲᠦᠮᠡᠨ ᠲᠥᠭᠦᠷᠢᠭ ᠤᠨ ᠪᠣᠳᠠᠲᠠᠶ ᠵᠢᠭᠡᠯᠡᠯᠭᠡ ᠶᠢᠨ ᠮᠥᠩᠭᠦ ᠬᠠᠨᠭ᠍ᠭᠠᠪᠠ᠃ ︽ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠬᠤᠳᠠᠯᠳᠤᠭᠠᠴᠢᠨ ᠤᠷᠢᠬᠤ︾ ᠵᠢᠵᠢᠭ ᠫᠷᠤᠭ᠍ᠷᠠᠮ ᠢ ᠰᠤᠳᠤᠯᠤᠨ ᠨᠡᠭᠡᠭᠡᠵᠦ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠪᠠ᠃ 2020 ᠣᠨ ᠤ ᠡᠴᠦᠰ ᠲᠤ᠂ ᠱᠠᠩᠬᠠᠶ᠂ ᠰᠦᠵᠧᠦ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠥᠪᠳᠡᠯᠴᠡᠬᠡᠷ ᠬᠢᠵᠦ᠂ 140 ᠭᠠᠷᠤᠶ ᠳ᠋ᠦᠩᠰᠢᠭᠤᠷ ᠠᠷᠠᠳ ᠤᠨ ᠵᠣᠭᠤᠰ ᠤᠨ ᠭᠡᠷ᠎ᠡ ᠲᠣᠭᠲᠠᠪᠠ᠃http://mongol.people.com.cn/15834024.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号