ᠥᠪᠥᠷ ᠮᠣᠩᠭᠤᠯ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠪᠡ
ᠨᠡᠶᠢᠲᠡᠯᠡᠭᠰᠡᠨ ᠴᠠᠭ᠄
2020/12/30
      ᠰᠢᠨᠬᠤᠸᠠ ᠬᠤᠷᠢᠶᠠᠨ ᠤ ᠬᠥᠬᠡᠬᠤᠲᠠ ᠶᠢᠨ 12 ᠰᠠᠷ᠎ᠠ ᠶᠢᠨ 27 ᠤ ᠡᠳᠦᠷ ᠤᠨ ᠮᠡᠳᠡᠭᠡ ︵ᠰᠤᠷᠪᠤᠯᠵᠢᠯᠠᠭᠴᠢ ᠧᠨ  ᠬᠤᠤ︶ ᠰᠤᠷᠪᠤᠯᠵᠢᠯᠠᠭᠴᠢ 27 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠬᠯᠠᠯᠳᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠬᠡᠳᠦᠨ ᠵᠢᠯ ᠳᠤ᠂ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠤ ᠠᠵᠢᠯ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠪᠠᠷ ᠭᠤᠤᠯᠳᠠᠯᠭ᠎ᠠ ᠪᠣᠯᠭᠠᠨ᠂ ᠤᠰᠤ ᠤᠮᠳᠠ ᠶᠢᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠦᠭᠡᠳ ᠢᠯᠡᠳᠲᠡ ᠦᠷ᠎ᠡ ᠪᠦᠲᠦᠮᠵᠢ ᠤᠯᠪᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠣᠰᠣᠭᠠᠷ᠂ ᠡᠨᠡ ᠵᠢᠯ ᠪᠥᠬᠦ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠰᠤ ᠤᠮᠳᠠ  ᠶᠢᠨ ᠠᠮᠤᠷ ᠲᠦᠪᠰᠢᠨ ᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠬᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ ᠢᠯᠡᠷᠬᠡᠶᠢᠯᠡᠬᠦ ᠳᠡᠭᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠰᠤ ᠤᠮᠳᠠ ᠶᠢᠨ ᠠᠮᠤᠷ ᠲᠦᠪᠰᠢᠨ ᠤ ᠬᠡᠮ ᠰᠣᠭᠤᠭ ᠢ ᠲᠠᠰᠤᠷᠠᠯᠲᠠ ᠥᠬᠡᠶ ᠠᠷᠢᠯᠭᠠᠬᠤ ᠶᠢᠨ ᠲᠥᠯᠥᠭᠡ᠂ 2019 ᠣᠨ ᠪᠠ 2020 ᠣᠨ ᠳᠤ ᠥᠪᠥᠷ ᠮᠣᠩᠭᠤᠯ ᠤᠰᠤ ᠤᠮᠳᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠶᠡᠭᠡ ᠪᠠᠶᠢᠴᠠᠭᠠᠯᠲᠠ ᠶᠢ ᠬᠤᠶᠠᠷ ᠵᠢᠯ ᠳᠠᠷᠠᠭᠠᠯᠠᠨ ᠥᠷᠨᠢᠭᠦᠯᠵᠦ᠂ ᠵᠢᠬᠰᠠᠭᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠬᠡᠮ ᠰᠣᠭᠤᠭ ᠪᠠ ᠪᠠᠲᠤᠯᠠᠭ᠎ᠠ ᠶᠢᠨ ᠯᠠᠪᠳᠠᠭᠤᠨ ᠪᠠᠲᠤᠲᠠᠶ ᠪᠤᠰᠤ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠭᠠᠵᠠᠷ ᠳᠠᠷᠠᠭᠠᠯᠠᠨ ᠨᠠᠶᠢᠳᠠᠪᠤᠷᠢᠵᠢᠭᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠥᠪᠥᠷ ᠮᠣᠩᠭᠤᠯ ᠨᠡᠶᠢᠲᠡ 18.3 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠣᠶᠢᠯᠠᠭᠠᠭᠰᠠᠨ ᠢᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠣᠷᠣᠨ ᠳᠤ ᠤᠰᠤ ᠤᠮᠳᠠ ᠶᠢᠨ ᠠᠮᠤᠷ ᠲᠦᠪᠰᠢᠨ ᠤ ᠪᠠᠯᠠ ᠮᠥᠩᠭᠦ ᠶᠢ ᠨᠡᠶᠢᠲᠡ 53.7 ᠳ᠋ᠦᠩᠰᠢᠭᠤᠷ ᠲᠥᠭᠦᠷᠢᠭ ᠣᠷᠣᠭᠤᠯᠵᠤ᠂ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠶᠢ ᠨᠡᠶᠢᠲᠡ 1.5 ᠲᠦᠮᠨ ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 2.4 ᠲᠦᠮᠡᠨ ᠬᠤᠳᠳᠤᠭ ᠢ ᠰᠢᠨ᠎ᠡ ᠪᠠᠷ ᠮᠠᠯᠲᠠᠵᠤ᠂ ᠮᠠᠯᠵᠢᠬᠤ ᠣᠷᠣᠨ ᠤ ᠤᠰᠤ ᠬᠠᠳᠠᠭᠠᠯᠠᠬᠤ ᠵᠣᠭᠤᠷᠢ ᠶᠢ 1 ᠲᠦᠮᠡ ᠭᠠᠷᠤᠶ ᠪᠠᠶᠢᠭᠤᠯᠵᠤ᠂ ᠤᠰᠤ ᠴᠡᠪᠡᠷᠰᠢᠭᠦᠯᠬᠦ ᠲᠥᠬᠦᠭᠡᠷᠦᠮᠵᠢ ᠶᠢ 16.8 ᠲᠦᠮᠡᠨ ᠢᠵᠢ ᠤᠭᠰᠠᠷᠠᠵᠤ᠂ 1.67 ᠲᠦᠮᠡᠨ ᠺᠢᠯᠣᠮᠧᠲᠷ ᠤᠷᠳᠤ ᠬᠤᠭᠤᠯᠠᠶ ᠭᠤᠤᠷᠰᠦ ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢᠶᠠᠷ ᠲᠠᠮᠵᠢᠨ 430 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ᠂ 18.3 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ 75 ᠲᠦᠮᠡᠨ ᠬᠦᠮᠦᠨ ᠤ ᠹᠯᠣᠷ ᠠᠷᠰᠧᠨ ᠢᠣᠳ᠋ ᠪᠠᠷᠢᠮᠵᠢᠶ᠎ᠠ ᠠᠴᠠ ᠬᠡᠳᠦᠷᠡᠭᠰᠡᠨ ᠠᠰᠠᠭᠤᠳᠠᠯ ᠢ ᠰᠢᠢᠳᠪᠦᠷᠢᠯᠡᠵᠦ᠂ ᠤᠰᠤ ᠤᠮᠳᠠ ᠶᠢᠨ ᠬᠡᠯᠪᠡᠷᠢᠲᠦ ᠤᠷᠤᠨ ᠨᠤᠳᠤᠬ ᠤᠨ ᠡᠪᠡᠳᠴᠢᠨ ᠢ ᠰᠡᠷᠭᠡᠶᠢᠯᠡᠨ ᠵᠠᠰᠠᠬᠤ ᠡᠭᠦᠷᠭᠡ ᠶᠢ ᠦᠡᠳᠦᠰᠦᠨ ᠳᠡᠭᠡᠨ ᠪᠡᠶᠡᠯᠡᠭᠦᠯᠪᠡ ︔ ᠭᠠᠰᠢᠭᠤᠨ ᠱᠣᠷᠪᠣᠭ ᠤᠰᠤ ᠶᠢ ᠥᠭᠡᠷᠡᠴᠢᠯᠡᠨ ᠰᠠᠶᠢᠵᠢᠷᠠᠭᠤᠯᠬᠤ 389 ᠪᠠᠷᠢᠯᠭ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠰᠤᠨ ᠤ ᠴᠢᠨᠠᠷ ᠢ ᠢᠯᠡᠳᠲᠡ ᠰᠠᠶᠢᠵᠢᠷᠠᠭᠤᠯᠵᠤ᠂ 10.3 ᠲᠦᠮᠡᠨ ᠬᠥᠮᠦᠨ ᠳᠤ ᠠᠰᠢᠬ ᠬᠦᠷᠲᠡᠭᠡᠪᠡ︔ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠶᠢ 82% ᠲᠤ ᠬᠦᠷᠦᠭᠦᠯᠵᠦ᠂ ᠡᠭᠦᠨ ᠳᠤ ᠬᠥᠬᠡᠬᠤᠲᠠ᠂ ᠪᠤᠭᠤᠲᠤ᠂ ᠪᠠᠶᠠᠨᠨᠠᠭᠤᠷ ᠵᠡᠷᠭᠡ ᠠᠶᠢᠮᠠᠭ ᠬᠤᠲᠠ ᠶᠢᠨ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠶᠢ 90% ᠠᠴᠠ ᠲᠠᠪᠠᠭᠤᠯᠪᠠ᠃      ᠣᠳᠣᠬᠠᠨ ᠳᠤ᠂ ᠪᠥᠬᠦ ᠣᠷᠣᠨ ᠤ ᠡᠯ᠎ᠡ ᠬᠤᠰᠢᠭᠤ ᠰᠢᠶᠠᠨ ᠴᠥᠮ ᠪᠠᠴᠢᠮ ᠤᠰᠤ ᠬᠠᠩᠭᠠᠬᠤ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠳᠤ ᠴᠥᠮ ᠢ ᠦᠨ᠎ᠡ ᠲᠣᠭᠲᠠᠭᠠᠵᠤ᠂ ᠤᠰᠤᠨ ᠤ ᠰᠦᠢᠳᠬᠡᠯ ᠬᠤᠷᠢᠶᠠᠬᠰᠠᠨ ᠨᠣᠷᠮ᠎ᠠ 95% ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠳᠤ ᠤᠰᠤ ᠬᠠᠩᠭᠠᠬᠤ ᠳᠤ ︽ᠬᠠᠮᠢᠶᠠᠷᠬᠤ ᠬᠥᠮᠦᠨ ᠲᠠᠢ᠂ ᠬᠠᠮᠢᠶᠠᠷᠬᠤ ᠵᠣᠭᠤᠰ ᠲᠠᠢ︾ ᠪᠠᠶᠢᠬᠤ ᠰᠠᠶᠢᠨ ᠠᠵᠢᠯᠯᠠᠭᠠᠨ ᠤ ᠲᠣᠭᠲᠠᠴᠠ ᠶᠠᠭ ᠪᠦᠷᠢᠯᠳᠦᠵᠦ ᠪᠣᠶ᠃http://mongol.people.com.cn/15834023.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号