ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠶᠠᠩ ᠲᠢᠩ︶ ᠤᠢᠢᠷ᠎ᠠ ᠳᠤ᠂ | ᠠᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠣᠭᠠᠴᠢᠯᠠᠭᠰᠠᠨ ᠬᠡᠪᠯᠡᠯ ᠤᠨ ᠦᠵᠡᠰᠬᠦᠯᠡᠩ ᠤᠨ | ᠴᠤᠭᠯᠠᠭᠠᠨ ᠤ 2019 — 2020 ᠣᠨ ᠤ ᠢᠷᠠᠭᠤ ᠠᠯᠳᠠᠷ ᠤᠨ ᠲᠠᠨᠢᠯᠴᠠᠭᠤᠯᠭ᠎ᠠ ᠶᠢᠨ ᠫᠠᠶᠢᠰᠠ ᠣᠯᠭᠤᠬᠤ | ᠶᠣᠰᠣᠯᠠᠯ ᠪᠡᠭᠡᠵᠢᠩ ᠳᠤ ᠶᠠᠪᠤᠭᠳᠠᠵᠤ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | DCR ᠮᠡᠷᠭᠡᠵᠢᠯ ᠳᠤ ᠰᠠᠭᠤᠷᠢᠯᠠᠭᠰᠠᠨ ᠮᠣᠩᠭᠤᠯ ᠬᠡᠯᠡᠨ ᠤ PDF ᠺᠣᠳ᠋ ᠰᠣᠯᠢᠬᠤ ᠮᠡᠷᠭᠡᠵᠢᠯ ᠨᠢ 2019— | 2020 ᠣᠨ ᠤ ᠰᠢᠨ᠎ᠡ ᠡᠭᠦᠳᠦᠯᠲᠡ ᠶᠢᠨ ᠮᠡᠷᠭᠡᠵᠢᠯ ᠤᠨ ᠢᠷᠠᠭᠤ ᠠᠯᠳᠠᠷ ᠤᠨ ᠴᠣᠯᠠ ᠤᠯᠪᠠ᠃ | ᠮᠣᠩᠭᠤᠯ ᠦᠭᠡ ᠬᠡᠯᠡ ᠥᠰᠥᠭ ᠪᠢᠴᠢᠭ ᠤᠨ ᠲᠣᠭᠠᠴᠢᠯᠠᠭᠰᠠᠨ ᠬᠡᠪᠯᠡᠯ ᠢ ᠠᠬᠢᠭᠤᠯᠬᠤ ᠶᠢᠨ ᠲᠥᠯᠥᠭᠡ᠂ | ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠮᠡᠳᠡᠭᠡ ᠵᠠᠩᠭᠢ ᠶᠢᠨ ᠲᠥᠪ ᠠᠴᠠ PDF ᠪᠢᠴᠢᠭ | ᠮᠠᠲ᠋ᠧᠷᠢᠶᠠᠯ ᠤᠨ ᠬᠡᠯᠪᠡᠷᠢ ᠶᠢ ᠺᠣᠳ᠋ ᠰᠤᠯᠢᠬᠤ ᠵᠠᠪᠰᠠᠷ ᠤᠨ ᠬᠡᠯᠪᠡᠷᠢ ᠪᠣᠯᠭᠠᠬᠤ ᠶᠢᠨ ᠬᠠᠮᠲᠤ ᠰᠢᠨ᠎ᠡ ᠶᠢ ᠡᠭᠦᠳᠦᠭᠰᠡᠨ | DCR ᠮᠡᠷᠭᠡᠵᠢᠯ ᠤᠨ PDF ᠺᠣᠳ᠋ ᠰᠤᠯᠢᠬᠤ ᠮᠡᠷᠭᠡᠵᠢᠯ ᠢ ᠬᠡᠷᠡᠭᠯᠡᠵᠦ᠂ ᠺᠣᠳ᠋ ᠰᠤᠯᠢᠬᠤ ᠣᠨᠣᠪᠴᠢᠲᠤ ᠴᠢᠨᠠᠷ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠥᠮᠦᠨ ᠤ ᠬᠦᠴᠦ ᠪᠠᠷ ᠬᠠᠷᠭᠤᠭᠤᠯᠬᠤ ᠠᠵᠢᠯ ᠤᠨ ᠬᠡᠮᠵᠢᠶ᠎ᠡ ᠶᠢ | ᠠᠯᠢ ᠴᠢᠳᠠᠬᠤ ᠪᠠᠷ ᠪᠠᠭᠠᠰᠬᠠᠪᠠ᠂ ᠡᠨᠡ ᠪᠣᠯ ᠶᠡᠭᠡ ᠬᠡᠮᠵᠢᠶᠡᠨ ᠤ ᠡᠬᠢ ᠪᠠᠶᠠᠯᠢᠭ ᠢ ᠺᠣᠳ᠋ ᠰᠤᠯᠢᠵᠤ ᠬᠢᠬᠦ | ᠬᠦᠰᠡᠯᠡᠩᠲᠦ ᠰᠣᠩᠭᠤᠯᠲᠠ ᠮᠥᠨ᠃ | ᠣᠶᠢᠯᠠᠭᠠᠭᠰᠠᠨ ᠢᠶᠠᠷ᠂ ᠡᠨᠡ ᠬᠦ ᠮᠡᠷᠭᠡᠵᠢᠯ ᠭᠠᠷᠴᠤ ᠢᠷᠡᠬᠦ ᠠᠴᠠ ᠡᠮᠦᠨ᠎ᠡ᠂ ᠮᠣᠩᠭᠤᠯ ᠬᠡᠯᠡᠨ ᠤ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠪᠠ ᠬᠡᠷᠡᠭᠯᠡᠯᠲᠡ ᠨᠢ ᠬᠡᠯᠪᠡᠷᠢ ᠪᠠᠶᠢᠳᠠᠯ ᠨᠢ ᠲᠠᠩ ᠴᠤᠯᠭᠤᠶ᠂ ᠠᠭᠤᠯᠭ᠎ᠠ ᠶᠢ ᠨᠢ | ᠡᠷᠢᠬᠦ ᠶᠢᠨ ᠠᠷᠭ᠎ᠠ ᠥᠬᠡᠶ᠂ ᠬᠠᠭᠤᠯᠪᠤᠷᠢᠯᠠᠨ ᠬᠡᠷᠡᠭᠯᠡᠬᠦ ᠶᠢᠨ ᠠᠷᠭ᠎ᠠ ᠥᠬᠡᠶ ᠪᠠ ᠰᠢᠯᠵᠢᠮᠡᠯ ᠦᠵᠦᠭᠦᠷ ᠲᠤ | ᠬᠡᠷᠡᠭᠯᠡᠬᠦ ᠶᠢᠨ ᠠᠷᠭ᠎ᠠ ᠥᠬᠡᠶ ᠪᠠᠶᠢᠬᠰᠠᠨ ᠵᠡᠷᠭᠡ ᠠᠰᠠᠭᠤᠳᠠᠯ ᠠᠴᠠ ᠪᠤᠯᠵᠤ᠂ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠠᠵᠢᠯ ᠶᠡᠷᠦ ᠠᠴᠠ ᠬᠦᠴᠢᠷᠳᠡᠯ ᠠᠴᠠ ᠪᠠᠨ ᠭᠠᠷᠴᠤ ᠴᠢᠳᠠᠭᠠᠳᠤᠢ ᠪᠠᠶᠢᠵᠠᠢ᠃ ᠭᠡᠪᠡᠴᠦ | DCR ᠮᠡᠷᠭᠡᠵᠢᠯ ᠢ ᠬᠡᠷᠡᠭᠯᠡᠬᠦ ᠶᠢ ᠳᠠᠭᠠᠯᠳᠤᠨ᠂ ᠶᠡᠭᠡ ᠬᠡᠮᠵᠢᠶᠡᠨ ᠤ ᠮᠣᠩᠭᠤᠯ ᠬᠡᠯᠡᠨ ᠤ PDF ᠶᠢ ᠲᠦᠷᠭᠡᠨ᠂ | ᠥᠨᠳᠥᠷ ᠪᠦᠲᠦᠮᠵᠢᠲᠡᠶ᠂ ᠣᠨᠣᠪᠴᠢᠲᠠᠶ ᠪᠠᠷ ᠣᠯᠠᠨ ᠤᠯᠤᠰ ᠤᠨ ᠪᠠᠷᠢᠮᠵᠢᠶᠠᠲᠤ ᠺᠣᠳ᠋ ᠤᠨ PDF ᠪᠢᠴᠢᠭ | ᠮᠠᠲ᠋ᠧᠷᠢᠶᠠᠯ ᠪᠤᠯᠭᠠᠨ ᠬᠤᠪᠢᠷᠠᠭᠤᠯᠵᠤ᠂ ᠰᠡᠭᠦᠯᠴᠢ ᠶᠢᠨ ᠬᠤᠭᠤᠴᠠᠭᠠᠨ ᠤ ᠪᠥᠳᠤᠴᠡᠳᠤ ᠪᠤᠯᠪᠠᠰᠤᠷᠠᠭᠤᠯᠤᠯ ᠪᠠ | ᠮᠡᠳᠡᠯᠭᠡᠵᠢᠭᠰᠡᠨ ᠪᠤᠯᠪᠠᠰᠤᠷᠠᠭᠤᠯᠤᠯ ᠳᠤ ᠵᠠᠮ ᠳᠡᠪᠢᠰᠴᠦ ᠥᠭᠴᠡᠶ᠃ | ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠪᠠᠷᠢᠮᠵᠢᠶ᠎ᠠ ᠪᠤᠰᠤ ᠺᠣᠳ᠋ ᠤᠨ ᠬᠢᠵᠠᠭᠠᠷᠯᠠᠯ ᠠᠴᠠ ᠠᠩᠭᠢᠵᠢᠷᠠᠭᠰᠠᠨ ᠮᠣᠩᠭᠤᠯ ᠬᠡᠯᠡᠨ ᠤ | PDF ᠪᠢᠴᠢᠭ ᠮᠠᠲ᠋ᠧᠷᠢᠶᠠᠯ ᠨᠢ ᠲᠣᠭᠠᠴᠢᠯᠠᠭᠰᠠᠨ ᠬᠡᠪᠯᠡᠯ ᠤᠨ ᠰᠢᠯᠵᠢᠮᠡᠯ ᠤᠩᠰᠢᠯᠭ᠎ᠠ᠂ ᠮᠣᠩᠭᠤᠯ ᠬᠡᠯᠡᠨ ᠤ | ᠮᠡᠳᠡᠯᠭᠡ ᠶᠢᠨ ᠦᠢᠯᠡᠴᠢᠯᠡᠭᠡ᠂ ᠮᠣᠩᠭᠤᠯ ᠬᠡᠯᠡᠨ ᠤ ᠰᠤᠷᠭᠠᠨ ᠬᠥᠮᠦᠵᠢᠯ᠂ ᠮᠣᠩᠭᠤᠯ ᠬᠡᠯᠡᠨ ᠤ ᠠᠵᠢᠯ ᠮᠡᠷᠭᠡᠵᠢᠯ ᠤᠨ | ᠪᠣᠯᠪᠠᠰᠤᠷᠠᠯ ᠵᠡᠷᠭᠡ ᠲᠠᠯ᠎ᠠ ᠪᠠᠷ ᠲᠦᠷᠭᠡᠨ ᠬᠥᠭᠵᠢᠬᠦ ᠶᠢ ᠠᠬᠢᠭᠤᠯᠬᠤ ᠪᠣᠯᠤᠨ᠎ᠠ᠃ | ᠲᠣᠰ ᠺᠣᠳ᠋ ᠰᠤᠯᠢᠬᠤ ᠮᠡᠷᠭᠡᠵᠢᠯ ᠨᠢ ᠪᠠᠰᠠ ᠬᠤᠶᠠᠷ ᠵᠦᠢᠯ ᠤᠨ ᠵᠥᠭᠡᠯᠡᠨ ᠬᠡᠷᠡᠭᠰᠡᠯ ᠤᠨ ᠵᠣᠬᠢᠶᠠᠯ | ᠪᠦᠲᠦᠭᠡᠯ ᠤᠨ ᠡᠷᠬᠡ ᠶᠢᠨ ᠳᠡᠩᠰᠡᠯᠡᠯᠲᠡ ᠶᠢᠨ ᠦᠨᠡᠮᠯᠡᠯ ᠣᠯᠵᠤ᠂ ︽ᠮᠣᠩᠭᠤᠯ ᠦᠭᠡ ᠬᠡᠯᠡ ᠥᠰᠥᠭ ᠪᠢᠴᠢᠭ ᠤᠨ | ᠲᠣᠭᠠᠴᠢᠯᠠᠭᠰᠠᠨ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠲᠤ ᠪᠠᠷ ᠡᠳ᠋ᠯᠡᠬᠦ ᠢᠨᠵᠧᠨᠧᠷᠢᠩ︾ ᠤᠨ | ᠲᠥᠷᠥᠯ ᠵᠦᠢᠯ ᠳᠤ ᠲᠣᠰ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠨ 7000 ᠭᠠᠷᠤᠶ ᠵᠦᠢᠯ ᠤᠨ ᠨᠣᠮ | ᠪᠢᠴᠢᠭ ᠤᠨ ᠡᠬᠢ ᠪᠠᠶᠠᠯᠢᠭ ᠢ ᠨᠠᠶᠢᠷᠠᠭᠤᠯᠬᠤ ᠪᠢᠴᠢᠬᠦ ᠵᠡᠷᠭᠡ ᠠᠵᠢᠯ ᠤᠳ ᠢ ᠪᠡᠶᠡᠯᠡᠭᠦᠯᠵᠦ᠂ ᠬᠠᠳᠠᠭᠠᠯᠠᠭᠳᠠᠵᠤ | ᠪᠠᠶᠢᠭ᠎ᠠ ᠡᠬᠢ ᠪᠠᠶᠠᠯᠢᠭ ᠢ ᠲᠣᠭᠠᠴᠢᠯᠠᠨ ᠨᠠᠶᠢᠷᠠᠭᠤᠯᠤᠨ ᠪᠢᠴᠢᠬᠦ ᠵᠢᠴᠢ ᠲᠥᠷᠥᠯ ᠵᠦᠢᠯ ᠢ ᠤᠷᠤᠭᠰᠢᠲᠠᠶ | ᠬᠡᠷᠡᠭᠵᠢᠭᠦᠯᠬᠦ ᠳᠤ ᠴᠢᠩᠭ᠎ᠠ ᠬᠦᠴᠦᠲᠡᠶ ᠮᠡᠷᠭᠡᠵᠢᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ ᠬᠡᠪᠡ᠃ | http://mongol.people.com.cn/15834006.html |