ᠦᠪᠦᠷ ᠮᠤᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠤ ᠬᠤᠢ︶ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠤᠢᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢᠶᠠᠷ ᠭᠠᠷᠳᠠᠴᠠ ᠪᠣᠯᠭᠠᠵᠤ᠂ ᠨᠡᠶᠢᠳᠡ | 112 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯ ᠢ ᠬᠦᠴᠦᠨ ᠦᠭᠡᠢ ᠪᠣᠯᠭᠠᠭᠰᠠᠨ ᠪᠤᠶᠤ ᠡᠷᠬᠡ ᠶᠢ ᠳᠣᠷᠣᠭᠰᠢ ᠪᠠᠭᠤᠯᠭᠠᠵᠤ᠂ ᠣᠳᠣᠬᠠᠨ ᠳᠤ | ᠵᠥᠪᠬᠡᠨ 13 ᠵᠦᠢᠯ ᠤᠨ ᠡᠷᠬᠡ ᠶᠢ ᠦᠯᠡᠳᠡᠭᠡᠵᠡᠢ᠃ | ᠡᠭᠦᠨ ᠠᠴᠠ ᠭᠠᠳᠠᠨ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ | ᠠᠬᠤᠶᠢᠯᠠᠯ ᠤᠨ ᠳᠠᠩᠰᠠᠯᠠᠭᠤᠯᠤᠯᠲᠠ ᠶᠢ ᠬᠦᠴᠦᠨ ᠥᠬᠡᠶ ᠪᠣᠯᠭᠠᠵᠤ᠂ ᠦᠨ᠎ᠡ ᠬᠠᠶᠠᠵᠤ ᠬᠤᠳᠠᠯᠳᠤᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ ᠪᠠ ᠬᠢᠯᠢ ᠶᠢᠨ ᠭᠠᠳᠠᠨ᠎ᠠ ᠪᠠᠯᠠ ᠣᠷᠣᠭᠤᠯᠤᠭᠰᠠᠨ ᠠᠵᠤ ᠠᠬᠤᠶᠢᠯᠠᠯ ᠤᠨ | ᠳᠠᠩᠰᠠᠯᠠᠭᠤᠯᠤᠯᠲᠠ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠨ᠂ ᠲᠦᠷᠦᠭᠦᠯᠡᠨ ᠬᠢᠬᠦ ᠡᠯ᠎ᠡ ᠰᠠᠯᠠᠭ᠎ᠠ ᠮᠥᠴᠢᠷ ᠤᠨ ᠬᠢᠨ ᠪᠣᠭᠤᠮᠲᠠ ᠶᠢᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ | ᠠᠰᠠᠭᠤᠳᠠᠯ ᠢ ᠬᠦᠴᠦᠲᠡᠶ ᠴᠡᠭᠴᠡᠯᠡᠨ ᠵᠠᠰᠠᠵᠤ᠂ ᠰᠦᠢᠳᠬᠡᠯ ᠬᠤᠷᠢᠶᠠᠬᠤ ᠲᠥᠷᠥᠯ ᠵᠦᠢᠯ ᠢ 78 ᠵᠦᠢᠯ ᠪᠠᠶᠢᠭᠰᠠᠨ ᠠᠴᠠ 52 ᠵᠦᠢᠯ ᠪᠣᠯᠭᠠᠨ ᠪᠠᠭᠠᠰᠬᠠᠪᠠ᠃ | | ᠡᠭᠦᠨ ᠤ ᠬᠠᠮᠲᠤ᠂ ᠪᠣᠭᠤᠮᠲᠠ ᠶᠢᠨ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠪᠠᠶᠢᠭᠤᠯᠤᠯᠲᠠ ᠶᠢ | ᠴᠢᠩᠭᠠᠳᠬᠠᠵᠤ᠂ ᠳᠤᠮᠳᠠᠳᠤ ᠮᠣᠩᠭᠤᠯ᠂ ᠳᠤᠮᠳᠠᠳᠤ ᠣᠷᠣᠰ ᠤᠨ ᠡᠯᠧᠺᠲᠷᠣᠨ ᠲᠤᠭ᠎ᠠ ᠪᠠᠷᠢᠮᠲᠠ ᠶᠢ ᠳᠠᠮᠵᠢᠭᠤᠯᠬᠤ᠂ ᠪᠣᠭᠤᠮᠲᠠ ᠶᠢᠨ ᠪᠦᠷᠢᠳᠭᠡᠯ ᠳ᠋ᠠᠶᠢᠲᠨ ᠶᠢ | ᠬᠠᠷᠢᠯᠴᠠᠨ ᠰᠣᠯᠢᠯᠴᠠᠬᠤ᠂ ᠪᠣᠭᠤᠮᠲᠠ ᠶᠢᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠪᠠ᠃ ᠲᠠᠭᠠᠭᠠᠵᠤ ᠪᠠᠳᠤᠯᠠᠬᠤ | ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠤᠮᠳᠠ ᠵᠢᠵᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠡᠯᠡ | ᠲᠤᠬᠢᠷᠠᠭᠤᠯᠭ᠎ᠠ ᠶᠢᠨ ᠲᠠᠪᠴᠠᠩ ᠢ ᠪᠠᠶᠢᠭᠤᠯᠤᠨ᠂ ᠤᠬᠠᠭᠤᠯᠭ᠎ᠠ ᠶᠢᠨ ᠭᠠᠷ ᠠᠪᠤᠯᠭ᠎ᠠ ᠶᠢ ᠨᠠᠶᠢᠷᠠᠭᠤᠯᠵᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ | ᠬᠤᠷᠠᠯ ᠢ ᠬᠤᠷᠠᠯᠳᠤᠭᠤᠯᠤᠨ᠂ ᠨᠢᠭᠡ ᠨᠢᠭᠡ ᠪᠠᠷ ᠬᠠᠷᠠᠭᠠᠯᠵᠠᠭᠤᠯᠤᠬᠰᠠᠨ ᠨᠠᠷᠢᠯᠢᠬ ᠤᠨᠤᠴᠠᠳᠠᠢ ᠦᠢᠯᠡᠴᠢᠯᠡᠭᠡ ᠶᠢ ᠦᠷᠨᠢᠭᠦᠯᠪᠡ᠃ | ᠣᠳᠣᠬᠠᠨ ᠳᠤ᠂ ᠥᠪᠥᠷ ᠮᠣᠩᠭᠤᠯ ᠤᠨ ᠳᠤᠮᠳᠠ ᠵᠢᠵᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠵᠢᠭᠡᠯᠡᠯᠭᠡ ᠪᠠ ᠪᠠᠯᠠ ᠲᠤᠬᠢᠷᠠᠭᠤᠯᠭ᠎ᠠ ᠶᠢᠨ | ᠦᠢᠯᠡᠴᠢᠯᠡᠭᠡᠨ ᠤ ᠲᠠᠪᠴᠠᠩ ᠬᠤᠶᠠᠷ ᠳᠠᠭᠠᠭᠠᠯᠲᠠ ᠶᠢᠨ ᠺᠣᠮᠫᠠᠨᠢ ᠲᠠᠢ ᠬᠠᠮᠲᠤᠷᠠᠨ 24 ᠠᠵᠤ ᠠᠬᠤᠶᠢᠯᠠᠯ ᠳᠤ ᠨᠡᠶᠢᠲᠡ 17410 ᠲᠦᠮᠡᠨ ᠲᠥᠭᠦᠷᠢᠭ ᠤᠨ | ᠳᠠᠭᠠᠭᠠᠯᠲᠠ ᠶᠢᠨ ᠮᠥᠩᠭᠦ ᠶᠢ ᠬᠢᠨᠠᠨ ᠵᠥᠪᠰᠢᠶᠡᠷᠡᠵᠦ᠂ ᠬᠤᠷᠰᠢᠭᠰᠠᠨ ᠪᠠᠩᠬᠢ ᠨᠢ 12 ᠠᠵᠤ ᠠᠬᠤᠶᠢᠯᠠᠯ ᠳᠤ 10700 ᠲᠦᠮᠡᠨ ᠲᠥᠭᠦᠷᠢᠭ ᠤᠨ ᠪᠣᠳᠠᠲᠠᠶ | ᠵᠢᠭᠡᠯᠡᠯᠭᠡ ᠶᠢᠨ ᠮᠥᠩᠭᠦ ᠬᠠᠨᠭ᠍ᠭᠠᠪᠠ᠃ ︽ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠬᠤᠳᠠᠯᠳᠤᠭᠠᠴᠢᠨ ᠤᠷᠢᠬᠤ︾ ᠵᠢᠵᠢᠭ ᠫᠷᠤᠭ᠍ᠷᠠᠮ ᠢ | ᠰᠤᠳᠤᠯᠤᠨ ᠨᠡᠭᠡᠭᠡᠵᠦ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠪᠠ᠃ 2020 ᠣᠨ ᠤ ᠡᠴᠦᠰ ᠲᠤ᠂ ᠱᠠᠩᠬᠠᠶ᠂ ᠰᠦᠵᠧᠦ ᠳᠤ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠵᠥᠪᠳᠡᠯᠴᠡᠬᠡᠷ ᠬᠢᠵᠦ᠂ 140 ᠭᠠᠷᠤᠶ ᠳ᠋ᠦᠩᠰᠢᠭᠤᠷ ᠠᠷᠠᠳ ᠤᠨ ᠵᠣᠭᠤᠰ ᠤᠨ ᠭᠡᠷ᠎ᠡ ᠲᠣᠭᠲᠠᠪᠠ᠃ | http://mongol.people.com.cn/15834024.html |