ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠶᠠᠩ ᠲᠢᠩ︶ ᠤᠢᠢᠷ᠎ᠠ ᠳᠤ᠂ ᠠᠷᠪᠠᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠲᠣᠭᠠᠴᠢᠯᠠᠭᠰᠠᠨ ᠬᠡᠪᠯᠡᠯ ᠤᠨ ᠦᠵᠡᠰᠬᠦᠯᠡᠩ ᠤᠨ ᠴᠤᠭᠯᠠᠭᠠᠨ ᠤ 2019 — 2020 ᠣᠨ ᠤ ᠢᠷᠠᠭᠤ ᠠᠯᠳᠠᠷ ᠤᠨ ᠲᠠᠨᠢᠯᠴᠠᠭᠤᠯᠭ᠎ᠠ ᠶᠢᠨ | ᠫᠠᠶᠢᠰᠠ ᠣᠯᠭᠤᠬᠤ ᠶᠣᠰᠣᠯᠠᠯ ᠪᠡᠭᠡᠵᠢᠩ ᠳᠤ ᠶᠠᠪᠤᠭᠳᠠᠵᠤ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ DCR | ᠮᠡᠷᠭᠡᠵᠢᠯ ᠳᠤ ᠰᠠᠭᠤᠷᠢᠯᠠᠭᠰᠠᠨ ᠮᠣᠩᠭᠤᠯ ᠬᠡᠯᠡᠨ ᠤ PDF ᠺᠣᠳ᠋ ᠰᠣᠯᠢᠬᠤ ᠮᠡᠷᠭᠡᠵᠢᠯ ᠨᠢ 2019— 2020 ᠣᠨ ᠤ ᠰᠢᠨ᠎ᠡ ᠡᠭᠦᠳᠦᠯᠲᠡ ᠶᠢᠨ | ᠮᠡᠷᠭᠡᠵᠢᠯ ᠤᠨ ᠢᠷᠠᠭᠤ ᠠᠯᠳᠠᠷ ᠤᠨ ᠴᠣᠯᠠ ᠤᠯᠪᠠ᠃ | ᠮᠣᠩᠭᠤᠯ ᠦᠭᠡ ᠬᠡᠯᠡ ᠥᠰᠥᠭ ᠪᠢᠴᠢᠭ ᠤᠨ ᠲᠣᠭᠠᠴᠢᠯᠠᠭᠰᠠᠨ ᠬᠡᠪᠯᠡᠯ ᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠬᠡᠪᠯᠡᠯ ᠤᠨ | ᠪᠦᠯᠦᠭᠯᠡᠯ ᠤᠨ ᠮᠡᠳᠡᠭᠡ ᠵᠠᠩᠭᠢ ᠶᠢᠨ ᠲᠥᠪ ᠠᠴᠠ PDF ᠪᠢᠴᠢᠭ ᠮᠠᠲ᠋ᠧᠷᠢᠶᠠᠯ ᠤᠨ ᠬᠡᠯᠪᠡᠷᠢ ᠶᠢ ᠺᠣᠳ᠋ ᠰᠤᠯᠢᠬᠤ ᠵᠠᠪᠰᠠᠷ ᠤᠨ ᠬᠡᠯᠪᠡᠷᠢ ᠪᠣᠯᠭᠠᠬᠤ ᠶᠢᠨ ᠬᠠᠮᠲᠤ | ᠰᠢᠨ᠎ᠡ ᠶᠢ ᠡᠭᠦᠳᠦᠭᠰᠡᠨ DCR ᠮᠡᠷᠭᠡᠵᠢᠯ ᠤᠨ PDF ᠺᠣᠳ᠋ ᠰᠤᠯᠢᠬᠤ ᠮᠡᠷᠭᠡᠵᠢᠯ ᠢ ᠬᠡᠷᠡᠭᠯᠡᠵᠦ᠂ ᠺᠣᠳ᠋ ᠰᠤᠯᠢᠬᠤ ᠣᠨᠣᠪᠴᠢᠲᠤ ᠴᠢᠨᠠᠷ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠥᠮᠦᠨ ᠤ ᠬᠦᠴᠦ ᠪᠠᠷ ᠬᠠᠷᠭᠤᠭᠤᠯᠬᠤ ᠠᠵᠢᠯ ᠤᠨ ᠬᠡᠮᠵᠢᠶ᠎ᠡ ᠶᠢ ᠠᠯᠢ ᠴᠢᠳᠠᠬᠤ ᠪᠠᠷ ᠪᠠᠭᠠᠰᠬᠠᠪᠠ᠂ ᠡᠨᠡ ᠪᠣᠯ | ᠶᠡᠭᠡ ᠬᠡᠮᠵᠢᠶᠡᠨ ᠤ ᠡᠬᠢ ᠪᠠᠶᠠᠯᠢᠭ ᠢ ᠺᠣᠳ᠋ ᠰᠤᠯᠢᠵᠤ ᠬᠢᠬᠦ ᠬᠦᠰᠡᠯᠡᠩᠲᠦ ᠰᠣᠩᠭᠤᠯᠲᠠ ᠮᠥᠨ᠃ | ᠣᠶᠢᠯᠠᠭᠠᠭᠰᠠᠨ ᠢᠶᠠᠷ᠂ ᠡᠨᠡ ᠬᠦ ᠮᠡᠷᠭᠡᠵᠢᠯ ᠭᠠᠷᠴᠤ ᠢᠷᠡᠬᠦ ᠠᠴᠠ ᠡᠮᠦᠨ᠎ᠡ᠂ ᠮᠣᠩᠭᠤᠯ ᠬᠡᠯᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ | ᠬᠡᠷᠡᠭᠯᠡᠯᠲᠡ ᠨᠢ ᠬᠡᠯᠪᠡᠷᠢ ᠪᠠᠶᠢᠳᠠᠯ ᠨᠢ ᠲᠠᠩ ᠴᠤᠯᠭᠤᠶ᠂ ᠠᠭᠤᠯᠭ᠎ᠠ ᠶᠢ ᠨᠢ ᠡᠷᠢᠬᠦ ᠶᠢᠨ ᠠᠷᠭ᠎ᠠ ᠥᠬᠡᠶ᠂ ᠬᠠᠭᠤᠯᠪᠤᠷᠢᠯᠠᠨ ᠬᠡᠷᠡᠭᠯᠡᠬᠦ ᠶᠢᠨ ᠠᠷᠭ᠎ᠠ ᠥᠬᠡᠶ ᠪᠠ | ᠰᠢᠯᠵᠢᠮᠡᠯ ᠦᠵᠦᠭᠦᠷ ᠲᠤ ᠬᠡᠷᠡᠭᠯᠡᠬᠦ ᠶᠢᠨ ᠠᠷᠭ᠎ᠠ ᠥᠬᠡᠶ ᠪᠠᠶᠢᠬᠰᠠᠨ ᠵᠡᠷᠭᠡ ᠠᠰᠠᠭᠤᠳᠠᠯ ᠠᠴᠠ ᠪᠤᠯᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ | ᠶᠡᠷᠦ ᠠᠴᠠ ᠬᠦᠴᠢᠷᠳᠡᠯ ᠠᠴᠠ ᠪᠠᠨ ᠭᠠᠷᠴᠤ ᠴᠢᠳᠠᠭᠠᠳᠤᠢ ᠪᠠᠶᠢᠵᠠᠢ᠃ ᠭᠡᠪᠡᠴᠦ DCR ᠮᠡᠷᠭᠡᠵᠢᠯ ᠢ ᠬᠡᠷᠡᠭᠯᠡᠬᠦ ᠶᠢ ᠳᠠᠭᠠᠯᠳᠤᠨ᠂ ᠶᠡᠭᠡ ᠬᠡᠮᠵᠢᠶᠡᠨ ᠤ | ᠮᠣᠩᠭᠤᠯ ᠬᠡᠯᠡᠨ ᠤ PDF ᠶᠢ ᠲᠦᠷᠭᠡᠨ᠂ ᠥᠨᠳᠥᠷ ᠪᠦᠲᠦᠮᠵᠢᠲᠡᠶ᠂ ᠣᠨᠣᠪᠴᠢᠲᠠᠶ ᠪᠠᠷ ᠣᠯᠠᠨ ᠤᠯᠤᠰ ᠤᠨ ᠪᠠᠷᠢᠮᠵᠢᠶᠠᠲᠤ ᠺᠣᠳ᠋ ᠤᠨ PDF ᠪᠢᠴᠢᠭ | ᠮᠠᠲ᠋ᠧᠷᠢᠶᠠᠯ ᠪᠤᠯᠭᠠᠨ ᠬᠤᠪᠢᠷᠠᠭᠤᠯᠵᠤ᠂ ᠰᠡᠭᠦᠯᠴᠢ ᠶᠢᠨ ᠬᠤᠭᠤᠴᠠᠭᠠᠨ ᠤ ᠪᠥᠳᠤᠴᠡᠳᠤ ᠪᠤᠯᠪᠠᠰᠤᠷᠠᠭᠤᠯᠤᠯ ᠪᠠ ᠮᠡᠳᠡᠯᠭᠡᠵᠢᠭᠰᠡᠨ ᠪᠤᠯᠪᠠᠰᠤᠷᠠᠭᠤᠯᠤᠯ ᠳᠤ ᠵᠠᠮ | ᠳᠡᠪᠢᠰᠴᠦ ᠥᠭᠴᠡᠶ᠃ | ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠪᠠᠷᠢᠮᠵᠢᠶ᠎ᠠ ᠪᠤᠰᠤ ᠺᠣᠳ᠋ ᠤᠨ | ᠬᠢᠵᠠᠭᠠᠷᠯᠠᠯ ᠠᠴᠠ ᠠᠩᠭᠢᠵᠢᠷᠠᠭᠰᠠᠨ ᠮᠣᠩᠭᠤᠯ ᠬᠡᠯᠡᠨ ᠤ PDF ᠪᠢᠴᠢᠭ ᠮᠠᠲ᠋ᠧᠷᠢᠶᠠᠯ ᠨᠢ ᠲᠣᠭᠠᠴᠢᠯᠠᠭᠰᠠᠨ ᠬᠡᠪᠯᠡᠯ ᠤᠨ ᠰᠢᠯᠵᠢᠮᠡᠯ ᠤᠩᠰᠢᠯᠭ᠎ᠠ᠂ ᠮᠣᠩᠭᠤᠯ | ᠬᠡᠯᠡᠨ ᠤ ᠮᠡᠳᠡᠯᠭᠡ ᠶᠢᠨ ᠦᠢᠯᠡᠴᠢᠯᠡᠭᠡ᠂ ᠮᠣᠩᠭᠤᠯ ᠬᠡᠯᠡᠨ ᠤ ᠰᠤᠷᠭᠠᠨ ᠬᠥᠮᠦᠵᠢᠯ᠂ ᠮᠣᠩᠭᠤᠯ ᠬᠡᠯᠡᠨ ᠤ ᠠᠵᠢᠯ ᠮᠡᠷᠭᠡᠵᠢᠯ ᠤᠨ ᠪᠣᠯᠪᠠᠰᠤᠷᠠᠯ ᠵᠡᠷᠭᠡ ᠲᠠᠯ᠎ᠠ ᠪᠠᠷ | ᠲᠦᠷᠭᠡᠨ ᠬᠥᠭᠵᠢᠬᠦ ᠶᠢ ᠠᠬᠢᠭᠤᠯᠬᠤ ᠪᠣᠯᠤᠨ᠎ᠠ᠃ | ᠲᠣᠰ ᠺᠣᠳ᠋ ᠰᠤᠯᠢᠬᠤ ᠮᠡᠷᠭᠡᠵᠢᠯ ᠨᠢ ᠪᠠᠰᠠ ᠬᠤᠶᠠᠷ ᠵᠦᠢᠯ ᠤᠨ ᠵᠥᠭᠡᠯᠡᠨ ᠬᠡᠷᠡᠭᠰᠡᠯ ᠤᠨ ᠵᠣᠬᠢᠶᠠᠯ ᠪᠦᠲᠦᠭᠡᠯ ᠤᠨ ᠡᠷᠬᠡ ᠶᠢᠨ ᠳᠡᠩᠰᠡᠯᠡᠯᠲᠡ ᠶᠢᠨ | ᠦᠨᠡᠮᠯᠡᠯ ᠣᠯᠵᠤ᠂ ︽ᠮᠣᠩᠭᠤᠯ ᠦᠭᠡ ᠬᠡᠯᠡ ᠥᠰᠥᠭ ᠪᠢᠴᠢᠭ ᠤᠨ ᠲᠣᠭᠠᠴᠢᠯᠠᠭᠰᠠᠨ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠲᠤ ᠪᠠᠷ | ᠡᠳ᠋ᠯᠡᠬᠦ ᠢᠨᠵᠧᠨᠧᠷᠢᠩ︾ ᠤᠨ ᠲᠥᠷᠥᠯ ᠵᠦᠢᠯ ᠳᠤ ᠲᠣᠰ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠨ 7000 ᠭᠠᠷᠤᠶ ᠵᠦᠢᠯ ᠤᠨ ᠨᠣᠮ ᠪᠢᠴᠢᠭ ᠤᠨ ᠡᠬᠢ | ᠪᠠᠶᠠᠯᠢᠭ ᠢ ᠨᠠᠶᠢᠷᠠᠭᠤᠯᠬᠤ ᠪᠢᠴᠢᠬᠦ ᠵᠡᠷᠭᠡ ᠠᠵᠢᠯ ᠤᠳ ᠢ ᠪᠡᠶᠡᠯᠡᠭᠦᠯᠵᠦ᠂ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠢ ᠲᠣᠭᠠᠴᠢᠯᠠᠨ ᠨᠠᠶᠢᠷᠠᠭᠤᠯᠤᠨ ᠪᠢᠴᠢᠬᠦ | ᠵᠢᠴᠢ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠬᠦ ᠳᠤ ᠴᠢᠩᠭ᠎ᠠ ᠬᠦᠴᠦᠲᠡᠶ ᠮᠡᠷᠭᠡᠵᠢᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ ᠬᠡᠪᠡ᠃ | http://mongol.people.com.cn/15834006.html |