ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠨᠠᠢᠮᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/31
ᠸᠠᠩ ᠯᠢ ᠰᠢᠶᠠ ᠡᠷᠬᠢᠯᠡᠵᠦ  ᠵᠠᠩ ᠪᠠᠢ ᠴᠧᠩ  ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 12 ᠳ᠋ᠤᠭᠠᠷ ᠰᠠᠷ᠎ᠠ ᠶᠢᠨ 30 ᠤ ᠣᠷᠣᠢ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠨᠠᠢᠮᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ︽ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯᠳᠤᠭᠠᠨ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳ᠋ᠦᠩᠨᠡᠯᠲᠡ ᠦᠨᠡᠯᠡᠯᠲᠡ ᠶᠢᠨ ᠮᠡᠳᠡᠭᠦᠯᠦᠯᠲᠡ ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠤ᠂ ᠪᠦᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠦᠢᠯᠡᠰ ᠤᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠪᠠ ᠪᠦᠬᠦ ᠬᠤᠲᠠ ᠶᠢᠨ ᠲᠠᠷᠢᠶᠠᠯᠠᠩ ᠠᠵᠤ ᠠᠬᠤᠢ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠲᠠᠢ ᠨᠠᠷᠢᠨ ᠬᠢᠨᠠᠮᠠᠭᠠᠢ ᠬᠠᠷᠢᠴᠠᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠲᠠᠢ ᠬᠠᠷᠢᠴᠠᠭᠤᠯᠵᠤ᠂ ᠲᠥᠪ ᠬᠤᠲᠠ ᠶᠢᠨ ᠥᠭᠡᠷᠡᠴᠢᠯᠡᠯᠲᠡ ᠶᠢᠨ ᠠᠵᠢᠯ ᠢ ᠡᠷᠬᠡᠪᠰᠢ ᠵᠠᠪᠠᠯ ᠡᠭᠦᠷᠭᠡᠯᠡᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠲᠥᠪ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠠᠬᠢ ᠬᠥᠳᠡᠭᠡ ᠲᠣᠰᠬᠤᠨ ᠤ ᠠᠭᠤᠯᠭ᠎ᠠ ᠶᠢ ᠰᠠᠶᠢᠲᠤᠷ ᠬᠢᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠳᠣᠪᠣᠶᠢᠯᠭᠠᠨ᠂ ᠲᠥᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠡᠭᠦᠯ ᠮᠡᠨᠳᠦ ᠳᠤᠮᠳᠠᠳᠤ ᠤᠯᠤᠰ᠂ ᠡᠷᠡᠭᠦᠯ ᠮᠡᠨᠳᠦ ᠥᠪᠥᠷ ᠮᠣᠩᠭᠤᠯ ᠲᠠᠢ ᠬᠠᠷᠢᠴᠠᠭᠤᠯᠤᠨ᠂ ᠡᠷᠡᠭᠦᠯ ᠮᠡᠨᠳᠦ ᠬᠥᠬᠡᠬᠤᠲᠠ ᠶᠢᠨ ᠠᠵᠢᠯ ᠢ ᠪᠣᠳᠠᠲᠠᠢ ᠰᠠᠶᠢᠨ ᠬᠢᠵᠦ᠂ ᠪᠦᠬᠦ ᠣᠷᠣᠨ ᠤ ᠪᠠᠶᠢᠷᠢᠨ ᠳᠤ ᠵᠣᠭᠰᠣᠨ ᠲᠥᠪ ᠬᠤᠲᠠ ᠶᠢᠨ ᠡᠷᠡᠭᠦᠯ ᠬᠠᠮᠠᠭᠠᠯᠠᠯ ᠤᠨ ᠦᠢᠯᠡᠰ ᠤᠨ ᠳᠠᠪᠠᠯᠲᠠ ᠶᠢᠨ ᠴᠢᠨᠠᠷᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠳᠣ ᠶᠢᠨ ᠶᠠᠭ ᠬᠤᠷᠠᠯᠳᠤᠵᠤ ᠪᠠᠶᠢᠭ᠎ᠠ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠢᠶᠠᠷ ᠲᠣᠭᠲᠠᠭᠠᠭᠰᠠᠨ ᠡᠭᠦᠷᠭᠡ ᠬᠠᠷᠠᠯᠲᠠ ᠲᠠᠢ ᠤᠶᠠᠯᠳᠤᠭᠤᠯᠤᠨ᠂ ᠣᠳᠣᠬᠢᠴᠢᠯᠠᠭᠰᠠᠨ ᠲᠥᠪ ᠬᠤᠲᠠ ᠶᠢ ᠬᠡᠷᠬᠢᠨ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠤᠯᠤᠰ ᠲᠥᠷᠥ ᠶᠢᠨ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ ᠪᠣᠯᠣᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠥᠭᠡᠷᠡᠴᠢᠯᠡᠯᠲᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠨ ᠵᠠᠮ ᠳᠠᠭᠠᠭᠤᠯᠬᠤ ᠶᠢ ᠳᠣᠪᠣᠶᠢᠯᠭᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠠᠬᠢᠭᠤᠯᠵᠤ᠂ ᠥᠭᠡᠷᠡᠴᠢᠯᠡᠯᠲᠡ ᠶᠢᠨ ᠰᠡᠳᠬᠢᠬᠦᠢ ᠠᠷᠭ᠎ᠠ ᠬᠡᠮᠵᠢᠶ᠎ᠡ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠥᠭᠡᠷᠡᠴᠢᠯᠡᠯᠲᠡ ᠪᠠ ᠬᠥᠭᠵᠢᠯᠲᠡ ᠶᠢ ᠭᠦᠨᠵᠡᠭᠡᠢ ᠠᠭᠤᠰᠤᠯᠴᠠᠭᠤᠯᠤᠨ᠂ ᠲᠥᠪ ᠬᠤᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠪᠠᠶᠢᠳᠠᠯ ᠢ ᠴᠢᠷᠮᠠᠶᠢᠨ ᠪᠣᠢ ᠪᠤᠯᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠾᠧ ᠬᠠᠢ ᠳ᠋ᠦᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠭᠡᠰᠢᠭᠦᠳ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号