ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/31
ᠵᠠᠩ ᠪᠠᠢ ᠴᠧᠩ ᠡᠷᠬᠢᠯᠡᠪᠡ      12 ᠳ᠋ᠤᠭᠠᠷ ᠰᠠᠷ᠎ᠠ ᠶᠢᠨ 29 ᠤ ᠡᠳᠦᠷ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 54 ᠳ᠋ᠦ᠋ᠭᠡᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠪᠠ ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠵᠠᠩ ᠪᠠᠢ ᠴᠧᠩ ᠵᠢᠭᠠᠬᠤ ᠳᠠᠭᠠᠨ᠂ ᠰᠢᠨ᠎ᠡ ᠵᠢᠯ ᠴᠠᠭᠠᠨ ᠰᠠᠷ᠎ᠠ ᠪᠣᠯᠬᠤ ᠣᠶᠢᠷᠠᠳᠤᠵᠤ᠂ ᠨᠠᠭᠠᠰᠢ ᠴᠠᠭᠠᠰᠢ ᠶᠠᠪᠤᠬᠤ ᠬᠥᠮᠥᠨ ᠬᠠᠷ᠎ᠠ ᠤᠯᠠᠰᠢᠷᠠᠵᠤ᠂ ᠨᠠᠶᠢᠷ ᠴᠤᠭᠯᠠᠭ᠎ᠠ ᠣᠯᠠᠳᠠᠵᠤ᠂ ᠬᠢᠵᠢᠭ ᠢ ᠲᠠᠷᠬᠠᠭᠠᠬᠤ ᠲᠦᠭᠰᠢᠭᠦᠷᠢ ᠤᠯᠠᠮ ᠨᠢᠭᠡ ᠠᠯᠬᠤᠮ ᠨᠡᠮᠡᠭᠳᠡᠯ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠤᠳᠤᠯᠢᠶᠠᠨᠲᠠᠢ ᠴᠢᠨᠠᠷ᠂ ᠬᠦᠨᠳᠦ ᠨᠣᠴᠢᠲᠠᠢ ᠴᠢᠨᠠᠷ᠂ ᠬᠠᠲᠠᠭᠤ ᠪᠡᠷᠬᠡᠰᠢᠶᠡᠯ ᠲᠠᠢ ᠴᠢᠨᠠᠷ ᠢ ᠭᠦᠨᠵᠡᠭᠡᠢ ᠲᠠᠨᠢᠵᠤ᠂ ᠭᠤᠷᠢᠳᠠᠬᠤ ᠪᠣᠳᠣᠯ᠂ ᠰᠤᠯᠠᠷᠠᠬᠤ ᠪᠠᠶᠢᠳᠠᠯ ᠢ ᠡᠷᠡᠰ ᠲᠡᠪᠴᠢᠨ᠂ ᠳᠠᠷᠤᠢ ᠲᠦᠷᠭᠡᠨ ᠪᠡᠯᠡᠨ ᠪᠠᠶᠢᠳᠠᠯ ᠳᠤ ᠣᠷᠣᠵᠤ᠂ ᠲᠥᠪ ᠥᠪᠡᠷᠲᠡᠭᠡᠨ ᠵᠠᠰᠠᠬᠤ ᠣᠷᠣᠨ ᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪᠰᠢᠭᠰᠡᠨ ᠠᠵᠢᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠡᠷᠡᠰ ᠬᠠᠮᠠᠭᠠᠯᠠᠬᠤ ᠬᠡᠷᠡᠭᠲᠡᠢ ᠭᠡᠵᠡᠢ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳᠠᠭᠠᠨ ᠳᠠᠭᠠᠭᠠᠮᠠᠭᠠᠢ ᠳᠠᠶᠢᠨ ᠬᠢᠬᠦ ᠦᠵᠡᠯ ᠰᠠᠨᠠᠭᠠᠨ ᠤ ᠪᠡᠯᠡᠳᠬᠡᠯ ᠲᠠᠢ ᠪᠠᠶᠢᠵᠤ᠂ ᠵᠣᠬᠢᠶᠠᠨ ᠪᠠᠶᠢᠭᠤᠯᠤᠨ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠳᠠᠷᠤᠰᠢᠭᠤᠯᠤᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠬᠡᠷᠡᠭᠲᠡᠢ᠃ ᠣᠯᠠᠨ ᠤᠯᠤᠰ ᠤᠨ ᠨᠢᠰᠬᠡᠯ ᠢ ᠬᠤᠪᠢᠶᠠᠷᠢᠯᠠᠨ ᠪᠠᠭᠤᠯᠭᠠᠵᠤ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠮᠥᠨ ᠢ ᠰᠢᠯᠵᠢᠭᠦᠯᠦᠨ ᠲᠡᠭᠡᠭᠡᠪᠦᠷᠢᠯᠡᠬᠦ᠂ ᠲᠥᠪᠬᠢᠨᠡᠭᠦᠯᠬᠦ᠂ ᠣᠨᠣᠰᠢᠯᠠᠨ ᠡᠮᠨᠡᠬᠦ ︽ᠪᠦᠬᠦ ᠶᠠᠪᠤᠴᠠ᠂ ᠪᠢᠲᠡᠭᠦᠦ ᠴᠠᠭᠠᠷᠢᠭ ᠬᠡᠯᠪᠡᠷᠢ︾ ᠶᠢᠨ ᠬᠠᠮᠢᠶᠠᠷᠤᠯᠲᠠ ᠡᠵᠡᠮᠳᠡᠯ ᠢ ᠵᠢᠷᠤᠮᠵᠢᠭᠤᠯᠵᠤ᠂ ᠡᠨᠡ ᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠵᠠᠪᠠᠯ ᠪᠡᠶᠡᠯᠡᠭᠦᠯᠬᠦ ᠬᠡᠷᠡᠭᠲᠡᠢ᠃ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡ ᠳᠠᠬᠢ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠳᠠᠭᠠᠯᠠᠬᠤ᠂ ᠡᠳ᠋ᠰᠢᠭᠦᠯᠬᠦ᠂ ᠪᠣᠷᠣᠯᠠᠭᠤᠯᠬᠤ᠂ ᠬᠡᠷᠡᠭᠯᠡᠬᠦ ︽ᠪᠦᠬᠦ ᠶᠠᠪᠤᠴᠠ ᠶᠢ ᠡᠵᠡᠮᠰᠢᠵᠦ︾᠂ ᠰᠢᠨ᠎ᠡ ᠲᠢᠲᠢᠮᠯᠢᠭ ᠸᠢᠷᠦ᠋ᠰ ᠤᠨ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡ ᠪᠠᠷ ᠳᠠᠮᠵᠢᠨ ᠲᠠᠷᠬᠠᠬᠤ ᠶᠢ ᠴᠢᠩᠭ᠎ᠠ ᠬᠤᠷᠢᠭᠯᠠᠬᠤ ᠬᠡᠷᠡᠭᠲᠡᠢ᠃ ᠨᠡᠶᠢᠭᠡᠮ ᠲᠣᠭᠤᠷᠢᠭ ︵ᠲᠣᠰᠬᠤᠨ︶ ᠤᠨ ᠲᠣᠣᠷᠴᠢᠯᠠᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠠᠯᠠᠪᠠᠢ ᠭᠠᠵᠠᠷ ᠢ ᠴᠢᠩᠭ᠎ᠠ ᠠᠩᠬᠠᠷᠴᠤ᠂ ᠬᠤᠪᠢ ᠬᠥᠮᠥᠨ ᠤ ᠰᠡᠷᠭᠡᠶᠢᠯᠡᠯᠲᠡ ᠬᠠᠮᠠᠭᠠᠯᠠᠯᠲᠠ ᠪᠠ ᠡᠳᠦᠷ ᠲᠣᠲᠣᠮ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ︽ᠰᠡᠷᠭᠡᠶᠢᠯᠡᠯᠲᠡ ᠶᠢᠨ ᠲᠣᠣᠷ︾ ᠢ ᠨᠢᠭᠲᠠ ᠮᠥᠷᠲᠡᠭᠡᠨ  ᠪᠥᠬᠡ ᠰᠦᠯᠵᠢᠬᠦ ᠬᠡᠷᠡᠭᠲᠡᠢ᠃ ᠡᠮᠴᠢᠯᠡᠭᠡ ᠶᠢᠨ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠠᠵᠢᠯ ᠢ ᠬᠡᠪᠰᠢᠭᠰᠡᠨ ᠪᠠᠶᠢᠳᠠᠯ ᠲᠠᠢ ᠰᠠᠶᠢᠲᠤᠷ ᠠᠳᠬᠤᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢ ᠡᠮᠬᠢ ᠵᠢᠷᠤᠮ ᠲᠠᠢ ᠲᠠᠷᠢᠬᠤ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠰᠢᠦᠢ ᠷᠦᠢ ᠰᠢᠶᠠ᠂ ᠮᠠᠤ ᠪᠣᠣ ᠹᠧᠩ ᠵᠢᠴᠢ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠵᠠᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号