ᠰᠢᠨ᠎ᠡ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠺᠣᠮᠫᠠᠨᠢ᠄ | 2021 ᠣᠨ ᠤ ᠰᠢᠨ᠎ᠡ ᠵᠢᠯ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ᠂ | ᠲᠥᠪ ᠤᠨ ᠨᠠᠶᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠦᠯᠲᠡ ᠶᠢᠨ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ︽ | ᠳᠥᠷᠪᠡᠨ ᠰᠤᠷᠲᠠᠯ︾ ᠢ ᠴᠡᠭᠴᠡᠯᠡᠨ ᠵᠠᠰᠠᠭᠰᠠᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠲᠥᠪ ᠪᠤᠰᠤ | ᠰᠤᠷᠲᠠᠯ ᠳᠠᠬᠢᠨ ᠡᠭᠦᠰᠬᠦ ᠶᠢ ᠡᠷᠡᠰ ᠰᠡᠷᠭᠡᠶᠢᠯᠡᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠰᠢᠨ᠎ᠡ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠠᠭᠠᠨ᠂ ᠶᠡᠷᠦᠩᠬᠡᠢ ᠱᠦᠵᠢ ᠰᠢ ᠶᠢᠨ ᠫᠢᠩ ᠤᠨ | ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ︽ᠲᠦᠷᠪᠡᠨ | ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠬᠤ ᠬᠡᠷᠡᠭᠲᠡᠢ᠃ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠲᠣᠰ ᠰᠠᠯᠠᠭ᠎ᠠ ᠮᠥᠴᠢᠷ ᠲᠣᠰ ᠺᠣᠮᠫᠠᠨᠢ | ᠶᠢᠨ ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠨ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠪᠠᠶᠢᠭᠠᠳ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠪᠣᠯᠤᠨ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠶᠢᠷ᠎ᠠ ᠳᠤ ᠢᠯᠡ ᠪᠠᠷ ᠵᠠᠷᠯᠠᠨ | ᠮᠡᠳᠡᠭᠳᠡᠵᠦ ᠢᠯᠡᠴᠢᠯᠡᠭᠰᠡᠨ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ | ᠰᠤᠷᠤᠯᠴᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠨ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠶᠢ ᠬᠦᠮᠦᠵᠢᠭᠦᠯᠦᠨ ᠰᠠᠨᠠᠭᠤᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠰᠠᠬᠢᠵᠤ᠂ ᠪᠣᠳᠠᠲᠠᠶ ᠶᠢ ᠡᠷᠬᠢᠮᠯᠡᠨ | ᠠᠷᠪᠢᠯᠠᠨ ᠭᠠᠮᠨᠠᠬᠤ᠂ ᠪᠣᠯᠪᠠᠰᠤᠨ ᠠᠷᠢᠭᠤᠨ ᠴᠢᠬᠡᠴᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠶᠠᠷ᠂ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠳᠠᠯᠠᠬᠤ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠤ᠂ ᠡᠯ᠎ᠡ ᠰᠠᠯᠠᠭ᠎ᠠ ᠮᠥᠴᠢᠷ ᠡᠯ᠎ᠡ | ᠺᠣᠮᠫᠠᠨᠢ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠦᠯᠲᠡ ᠶᠢᠨ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠭᠦᠢᠴᠡᠳᠬᠡᠵᠦ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠵᠢᠷᠤᠮᠯᠠᠨ᠂ ᠠᠯᠪᠠᠨ ᠤ | ᠵᠣᠭᠤᠰ ᠢᠶᠠᠷ ᠴᠠᠭᠠᠨ ᠰᠠᠷ᠎ᠠ ᠶᠢᠨ ᠪᠠᠷᠠᠭ᠎ᠠ ᠪᠣᠯᠣᠨ ᠪᠡᠯᠡᠭ ᠰᠡᠯᠲᠡ ᠠᠪᠬᠤ ᠶᠢ ᠴᠢᠩᠭ᠎ᠠ ᠴᠠᠭᠠᠵᠠᠯᠠᠨ᠎ᠠ︔ ᠲᠣᠭᠲᠠᠭᠠᠯ ᠠᠴᠠ ᠵᠥᠷᠢᠴᠡᠨ ᠨᠡᠮᠡᠭᠦᠷᠢ ᠨᠥᠬᠦᠪᠥᠷᠢ᠂ | ᠱᠠᠩᠨᠠᠯ ᠤᠨ ᠮᠥᠩᠭᠦ ᠪᠣᠯᠤᠨ ᠪᠣᠳᠠᠲᠤ ᠡᠳ᠋ ᠣᠯᠭᠤᠬᠤ ᠶᠢ ᠴᠢᠩᠭ᠎ᠠ ᠴᠠᠭᠠᠵᠠᠯᠠᠨ᠎ᠠ︔ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ︔ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠢᠩᠭ᠎ᠠ ᠴᠠᠭᠠᠵᠠᠯᠠᠨ᠎ᠠ︔ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠴᠢᠩᠭ᠎ᠠ | ᠴᠠᠭᠠᠵᠠᠯᠠᠨ᠎ᠠ︔ ᠲᠣᠭᠲᠠᠭᠠᠯ ᠠᠴᠠ ᠵᠥᠷᠢᠴᠡᠨ ᠬᠤᠷᠢᠮ ᠪᠡᠯᠪᠡᠰᠦᠷᠡᠯ ᠪᠠᠶᠠᠷ ᠨᠠᠶᠢᠷ ᠬᠢᠬᠦ ᠶᠢ ᠴᠢᠩᠭ᠎ᠠ ᠴᠠᠭᠠᠵᠠᠯᠠᠨ᠎ᠠ︔ ᠡᠯ᠎ᠡ ᠵᠦᠢᠯ ᠤᠨ ᠬᠡᠯᠪᠡᠷᠢ ᠶᠢᠨ | ᠵᠣᠭᠤᠰ ᠨᠠᠭᠠᠳᠬᠤ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠪᠡᠯᠡᠭ ᠤᠨ ᠵᠣᠭᠤᠰ᠂ ᠦᠨᠡᠲᠦ ᠣᠨᠴᠠ | ᠭᠠᠷᠤᠯᠲᠠ᠂ ᠭᠡᠰᠢᠭᠦᠨ ᠤ ᠺᠠᠷᠲ᠂ ᠬᠤᠳᠠᠯᠳᠤᠭᠠᠨ ᠤ ᠤᠷᠢᠳᠴᠢᠯᠠᠨ ᠥᠭᠬᠦ ᠺᠠᠷᠲ ᠪᠣᠯᠤᠨ ᠡᠯ᠎ᠡ ᠲᠥᠷᠥᠯ ᠤᠨ ᠡᠯᠧᠺᠲᠷᠣᠨ ᠪᠡᠯᠡᠭ ᠰᠡᠯᠲᠡ ᠶᠢ ᠬᠦᠯᠢᠶᠡᠨ | ᠠᠪᠴᠤ ᠬᠦᠷᠭᠡᠬᠦ ᠵᠢᠴᠢ ᠠᠯᠪᠠᠨ ᠶᠠᠪᠤᠳᠠᠯ ᠢ ᠭᠤᠣᠯᠴᠢ ᠪᠠᠷ ᠭᠦᠢᠴᠡᠳᠬᠡᠬᠦ ᠶᠢ ᠨᠥᠯᠥᠭᠡᠯᠡᠵᠦ ᠮᠡᠳᠡᠬᠦ ᠠᠵᠢᠯᠯᠠᠭ᠎ᠠ ᠶᠢᠨ ᠲᠣᠬᠢᠷᠠᠭᠤᠯᠤᠯᠲᠠ ᠵᠡᠷᠭᠡ ᠳᠤ | ᠣᠷᠣᠯᠴᠠᠬᠤ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠰᠠᠬᠢᠯᠭ᠎ᠠ ᠪᠠᠲᠤ ᠶᠢ ᠵᠥᠷᠢᠴᠡᠬᠦ ᠪᠠ ᠢᠯᠵᠠᠷᠠᠮᠠᠯ ᠦᠢᠯᠡ ᠠᠵᠢᠯᠯᠠᠭ᠎ᠠ ᠭᠠᠷᠬᠤ ᠶᠢ | ᠰᠡᠷᠭᠡᠶᠢᠯᠡᠬᠦ ᠬᠡᠷᠡᠭᠲᠡᠶ᠃ | ᠭᠤᠷᠪᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠶ᠃ ᠰᠢᠨ᠎ᠡ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠦᠴᠦᠲᠡᠢ ᠪᠦᠲᠦᠮᠵᠢᠲᠡᠢ ᠭᠦᠢᠴᠡᠳᠬᠡᠨ᠂ ᠴᠢᠬᠤᠯᠠ ᠵᠠᠩᠭᠢᠯᠠᠭ᠎ᠠ ᠶᠢᠨ ᠴᠡᠭ ᠢ | ᠦᠷᠭᠦᠯᠵᠢᠯᠡᠨ ᠪᠠᠲᠤ ᠰᠠᠬᠢᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠪᠠᠶᠠᠷ ᠤᠨ ᠡᠳᠦᠷ ᠤᠨ ᠬᠤᠭᠤᠴᠠᠭᠠᠨ ᠳᠤ ᠠᠮᠠᠷᠬᠠᠨ ᠡᠭᠦᠰᠬᠦ ᠲᠦᠷᠢᠮ | ᠠᠴᠠ ᠵᠥᠷᠢᠴᠡᠨ ᠢᠳᠡᠵᠦ ᠤᠤᠭᠤᠬᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ᠂ ᠲᠦᠷᠢᠮ ᠠᠴᠠ ᠵᠥᠷᠢᠴᠡᠨ ᠠᠯᠪᠠᠨ ᠤ ᠲᠡᠷᠭᠡ ᠶᠢ ᠬᠡᠷᠡᠭᠯᠡᠬᠦ ᠵᠡᠷᠭᠡ | ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ | ᠢᠯᠡᠷᠡᠭᠦᠯᠦᠭᠰᠡᠨ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠵᠡᠷᠭᠡ ᠭᠠᠵᠢᠭᠤ ᠰᠤᠷᠲᠠᠯ ᠮᠠᠭᠤ | ᠳᠠᠳᠬᠠᠯ ᠢ ᠢᠯᠡᠷᠡᠭᠦᠯᠵᠦ᠂ ᠰᠠᠨᠠᠭ᠎ᠠ ᠪᠠᠨ ᠬᠤᠷᠢᠶᠠᠬᠤ ᠦᠭᠡᠢ ᠵᠣᠭᠰᠣᠬᠤ ᠪᠠᠨ ᠮᠡᠳᠡᠬᠦ ᠦᠰᠢᠯᠳᠦᠨ ᠰᠠᠬᠢᠯᠭ᠎ᠠ ᠪᠠᠲᠤ ᠠᠴᠠ ᠵᠦᠷᠢᠴᠡᠬᠦ ᠠᠰᠠᠭᠤᠳᠠᠯ ᠢ ᠴᠢᠩᠭ᠎ᠠ | ᠪᠠᠶᠢᠴᠠᠭᠠᠨ ᠲᠦᠷᠭᠡᠨ ᠰᠢᠢᠳᠪᠦᠷᠢᠯᠡᠵᠦ᠂ ᠶᠠᠭᠠᠬᠢᠭᠰᠠᠨ ᠴᠤ ᠨᠠᠶᠢᠷ ᠲᠠᠯᠪᠢᠵᠤ ᠪᠣᠯᠬᠤ ᠦᠭᠡᠢ᠃ ᠬᠢᠨᠠᠯᠲᠠ ᠲᠠᠯᠪᠢᠬᠤ ᠠᠵᠢᠯ ᠤᠨ ᠳᠤᠮᠳᠠ᠂ ᠲᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ᠂ ᠲᠦᠷᠦ ᠶᠢᠨ ᠪᠤᠳᠤᠯᠭ᠎ᠠ ᠶᠢᠨ ᠵᠠᠭᠠᠭ ᠬᠢᠵᠠᠭᠠᠷ ᠢ ᠣᠨᠣᠪᠴᠢᠲᠠᠢ ᠡᠵᠡᠮᠳᠡᠨ᠂ ᠲᠦᠷᠢᠮ ᠲᠣᠭᠲᠠᠭᠠᠯ | ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ ᠢ ᠣᠨᠣᠪᠴᠢᠲᠠᠢ ᠰᠢᠢᠳᠪᠦᠷᠢᠯᠡᠵᠦ᠂ ᠭᠠᠵᠢᠭᠤ ᠰᠤᠷᠲᠠᠯ ᠢ ᠡᠷᠡᠰ ᠬᠤᠷᠢᠭᠯᠠᠨ᠂ ᠪᠠᠶᠠᠷ ᠤᠨ ᠡᠳᠦᠷ ᠤᠨ | ᠬᠤᠭᠤᠴᠠᠭᠠᠨ ᠳᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ᠃ | | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 123882—2 | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠰᠦᠯᠵᠢᠶ᠎ᠡ᠄ http᠄//neimeng.12388.gov.cn/hhhts/ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ᠄ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠵᠠᠬᠢᠳᠠᠯ ᠰᠤᠷᠪᠤᠯᠵᠢᠯᠠᠯ ᠤᠨ ᠲᠠᠰᠤᠭ |