ᠰᠢᠨ᠎ᠡ ᠬᠤᠲᠠ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠬᠠᠮᠢᠶᠠᠷᠤᠯᠲᠠ ᠶᠢᠨ ᠰᠢᠰᠲ᠋ᠧᠮ ᠤᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/4
     ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠨᠢᠭᠡᠲᠦᠯᠲᠡᠢ ᠲᠦᠯᠦᠪᠯᠡᠬᠦ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠠᠮᠢᠶᠠᠷᠤᠯᠲᠠ ᠶᠢ  ᠴᠢᠩᠭᠠᠳᠬᠠᠬᠤ ᠶᠢᠨ ᠲᠦᠯᠦᠭᠡ᠂ 12 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠬᠠᠮᠢᠶᠠᠷᠤᠯᠲᠠ ᠶᠢᠨ ᠰᠢᠰᠲ᠋ᠧᠮ ᠤᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃
     ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠦᠨᠳᠦᠰᠦᠨ ᠱᠠᠲᠤᠨ ᠤ ᠠᠵᠢᠯ ᠤᠨ ᠵᠢᠯᠣᠭᠤᠳᠬᠤ ᠭᠠᠵᠠᠷ ᠤᠨ ᠳᠠᠷᠤᠭ᠎ᠠ ᠸᠠᠩ ᠨᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠪᠠ᠃ ᠦᠢᠯᠡᠳᠦᠯᠭᠡ ᠰᠡᠳᠬᠦᠯ ᠤᠨ ᠬᠤᠷᠢᠶ᠎ᠠ ᠶᠢᠨ ᠯᠢᠦ ᠵᠢᠶᠠ ᠪᠠᠭᠰᠢ ᠥᠪᠡᠷ ᠤᠨ ᠣᠯᠠᠨ ᠵᠢᠯ ᠤᠨ ᠣᠨᠣᠯ ᠤᠨ ᠰᠤᠳᠤᠯᠭᠠᠨ ᠤ ᠦᠯᠡᠳᠦᠯᠡᠭᠡ ᠪᠠ ᠲᠤᠰ ᠪᠡᠶ᠎ᠡ ᠶᠢᠨ ᠣᠶᠢᠯᠠᠭᠠᠯᠲᠠ ᠲᠠᠢ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠬᠦ ᠠᠷᠭ᠎ᠠ ᠶᠢᠨ ᠲᠤᠬᠠᠶ ᠲᠠᠶᠢᠯᠤᠮᠵᠢ ᠬᠢᠪᠡ᠃
     ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠶᠢᠨ ᠺᠠᠳ᠋ᠷ ᠢ ᠵᠣᠬᠢᠶᠠᠨ ᠪᠠᠶᠢᠭᠤᠯᠵᠤ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠭᠤᠤᠯᠳᠠᠯᠭ᠎ᠠ ᠶᠢ ᠡᠵᠡᠮᠳᠡᠨ᠂ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠬᠤᠪᠢᠶᠠᠷᠢᠯᠠᠵᠤ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠲᠠᠪᠤᠷᠢᠵᠢᠭᠤᠯᠵᠤ᠂ ᠠᠵᠢᠯ ᠤᠨ ᠭᠤᠤᠯᠳᠠᠯᠭ᠎ᠠ ᠲᠠᠢ᠂ ᠠᠯᠬᠤᠮ ᠳᠠᠷᠠᠭ᠎ᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠶᠡᠭᠡ ᠬᠦᠴᠦ ᠣᠷᠣᠭᠤᠯᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠢ ᠭᠡᠪᠡ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠬᠤᠲᠠ ᠲᠣᠭᠤᠷᠢᠭ ᠬᠠᠮᠢᠶᠠᠷᠤᠯᠲᠠ ᠶᠢᠨ ᠰᠢᠰᠲ᠋ᠧᠮ ᠤᠨ ᠲᠠᠪᠴᠠᠩ ᠢ ᠣᠷᠣᠭᠤᠯᠤᠨ ᠠᠪᠴᠢᠷᠠᠭᠰᠠᠨ ᠨᠢ ᠭᠤᠤᠯ ᠴᠣᠭᠴᠠ ᠶᠢᠨ ᠦᠢᠯᠡᠳᠦᠯ ᠪᠣᠯᠤᠨ ᠵᠠᠩᠭᠢᠯᠠᠭ᠎ᠠ ᠶᠢᠨ  ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠲᠣᠮᠣ ᠳ᠋ᠠᠶᠢᠲ᠋ᠠ ᠶᠢᠨ ᠲᠠᠪᠴᠠᠩ ᠢ ᠠᠰᠢᠭᠯᠠᠨ ᠠᠵᠢᠯ ᠤᠨ ᠠᠭᠤᠯᠭ᠎ᠠ ᠶᠢ ᠨᠢᠭᠡᠳᠦᠯᠲᠡᠶ ᠲᠦᠯᠦᠪᠯᠡᠵᠦ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠤᠷᠢᠭᠲᠠᠢ ᠪᠠᠷ ᠰᠢᠨ᠎ᠡ ᠶᠢ ᠡᠭᠦᠳᠬᠦ ᠶᠢᠨ ᠲᠦᠯᠦᠭᠡ ᠪᠤᠯᠤᠨ᠎ᠠ᠃ ᠡᠯ᠎ᠡ ᠱᠠᠲᠤᠨ ᠤ ᠪᠣᠯᠪᠠᠰᠤᠨ ᠤ ᠭᠠᠵᠠᠷ᠂ ᠥᠷᠲᠡᠭᠡ ᠨᠢ ᠲᠤᠭ᠎ᠠ ᠪᠠᠷᠢᠮᠲᠠ ᠶᠢᠨ ᠲᠠᠪᠴᠠᠩ ᠢ ᠭᠦᠢᠴᠡᠳ ᠠᠰᠢᠭᠯᠠᠵᠤ᠂ ᠬᠠᠮᠢᠶᠠᠷᠤᠯᠲᠠ ᠶᠢᠨ ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠵᠦ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠠᠬᠢᠭᠤᠯᠵᠤ᠂ ᠰᠠᠶᠢᠨ ᠰᠠᠶᠢᠬᠠᠨ ᠰᠢᠨ᠎ᠡ ᠬᠤᠳᠠ ᠶᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠬᠠᠮᠳᠤᠳᠬᠠᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号