ᠬᠤᠷᠢᠨᠭᠡᠷ ᠰᠢᠶᠠᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/4
     ᠤᠢᠢᠷ᠎ᠠ ᠶᠢᠨ ᠡᠳᠦᠷ᠂ ᠬᠤᠷᠢᠨᠭᠡᠷ ᠰᠢᠶᠠᠨ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠩᠬᠠᠳᠤᠭᠠᠷ ᠪᠦᠭᠦᠳᠡ ᠬᠤᠷᠠᠯ ᠢ ᠬᠤᠷᠠᠯᠳᠤᠭᠤᠯᠪᠠ᠃ ᠬᠤᠷᠢᠨᠭᠡᠷ ᠰᠢᠶᠠᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ᠂ ᠰᠢᠶᠠᠨ ᠤ ᠳᠡᠳ᠋ ᠳᠠᠷᠤᠭ᠎ᠠ ᠲᠤᠶᠠᠭ᠎ᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠤᠨ ᠳᠡᠳ᠋ ᠬᠤᠷᠠᠯᠳᠤᠭᠤᠯᠤᠭᠴᠢ ᠵᠢᠴᠢ ᠪᠦᠷᠢᠯᠳᠦᠬᠦᠨ ᠨᠢᠭᠡᠴᠡ 30 ᠭᠠᠷᠤᠶ ᠬᠥᠮᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠳᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠬᠡᠯᠲᠡᠰ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠬᠤᠷᠢᠨᠭᠡᠷ ᠰᠢᠶᠠᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠶᠠᠪᠤᠳᠠᠯ ᠤᠨ ᠲᠦᠷᠢᠮ︾᠂ ︽ᠬᠤᠷᠢᠨᠭᠡᠷ ᠰᠢᠶᠠᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠣᠷᠳᠣ ᠬᠤᠭᠤᠴᠠᠭᠠᠨ ᠤ ᠵᠠᠯᠠᠭᠤᠴᠣᠳ ᠤᠨ ᠬᠥᠭᠵᠢᠯᠲᠡ ᠶᠢᠨ ᠲᠥᠯᠥᠪᠵᠢᠭᠦᠯᠭᠡ ︵2018 — 2025 ᠣᠨ︶﹀ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠪᠣᠯᠤᠨ ︽ᠬᠤᠷᠢᠨᠭᠡᠷ ᠰᠢᠶᠠᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ︵2018 — 2025 ᠣᠨ︶﹀ ᠶᠢ ᠨᠠᠶᠢᠳᠠᠪᠣᠷᠢᠵᠢᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠭᠦᠢᠴᠡᠳᠬᠡᠯ ᠲᠤᠭ᠎ᠠ︾ ᠶᠢ ᠬᠢᠨᠠᠨ ᠵᠥᠪᠯᠡᠵᠦ ᠪᠠᠲᠤᠯᠠᠪᠠ᠃      ᠲᠤᠶᠠᠭ᠎ᠠ ᠪᠦᠬᠦ ᠰᠢᠶᠠᠨ ᠤ ᠵᠠᠯᠠᠭᠤᠴᠤᠳ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠲᠡᠷᠡ᠂ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠨᠦᠭᠦᠳ ︽ᠲᠦᠯᠦᠪᠵᠢᠭᠦᠯᠭᠡ︾ ᠶᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠤᠭᠳᠠᠯ ᠢ ᠭᠦᠢᠴᠡᠳ ᠲᠠᠨᠢᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠵᠠᠯᠠᠭᠤᠴᠤᠳ ᠤᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠡ ︽ᠲᠦᠯᠦᠪᠵᠢᠭᠦᠯᠭᠡ︾ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠡᠭᠦᠷᠭᠡᠯᠡᠵᠦ᠂ ᠡᠯ᠎ᠡ ᠨᠢᠭᠡᠴᠡ ᠶᠢᠨ ᠪᠣᠳᠠᠲᠤ ᠪᠠᠶᠢᠳᠠᠯ ᠪᠠ ᠬᠤᠪᠢᠳᠠᠭᠰᠠᠨ ᠡᠭᠦᠷᠭᠡ ᠲᠠᠢ ᠪᠠᠨ ᠤᠶᠠᠯᠳᠤᠭᠤᠯᠤᠨ᠂ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠮᠲᠤᠷᠠᠭᠰᠠᠨ ᠬᠤᠷᠠᠯ ᠤᠨ ᠲᠣᠭᠲᠠᠴᠠ ᠶᠢ ᠨᠠᠶᠢᠳᠠᠪᠣᠷᠢᠵᠢᠭᠤᠯᠵᠤ᠂ ᠡᠯ᠎ᠡ ᠵᠦᠢᠯ ᠤᠨ ᠠᠵᠢᠯ ᠢ ᠵᠣᠬᠢᠴᠠᠭᠤᠯᠤᠨ ᠰᠠᠶᠢᠲᠤᠷ ᠬᠢᠬᠦ ᠬᠡᠷᠡᠭᠲᠡᠶ᠃ ︽ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠠᠮᠲᠤᠷᠠᠭᠰᠠᠨ ᠬᠤᠷᠠᠯ ᠤᠨ ᠳᠦᠷᠢᠮ  ᠤᠨ ᠵᠣᠬᠢᠴᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠬᠠᠮᠲᠤᠷᠠᠭᠰᠠᠨ ᠬᠤᠷᠠᠯ ᠤᠨ ᠲᠠᠪᠴᠠᠩ ᠤᠨ ᠴᠢᠳᠠᠮᠵᠢ ᠶᠢ ᠲᠠᠰᠤᠷᠠᠯᠲᠠ ᠦᠭᠡᠢ ᠴᠢᠩᠭᠠᠳᠬᠠᠨ ᠥᠷᠭᠡᠳᠬᠡᠵᠦ᠂ ᠡᠯ᠎ᠡ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠳᠠᠶᠢᠴᠢᠯᠠᠨ᠂ ᠨᠡᠪᠲᠡᠷᠡᠯᠴᠡᠭᠡ ᠤᠷᠤᠭᠰᠢᠲᠠᠶ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号