ᠵᠠᠩ ᠯᠢᠨ ᠯᠢᠨ ᠪᠦᠯᠬᠦᠮ ᠳᠠᠭᠠᠭᠤᠯᠤᠨ ᠬᠤᠷᠢᠨᠭᠡᠷ ᠰᠢᠶᠠᠨ ᠤ ᠡᠯ᠎ᠡ ᠠᠵᠤ ᠠᠬᠤᠶᠢᠯᠠᠯ ᠳᠤ ᠠᠶᠤᠯᠭᠦᠢ ᠶᠢᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020/12/4
     ᠡᠯ᠎ᠡ ᠲᠥᠷᠥᠯ ᠤᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ 12 ᠳ᠋ᠤᠭᠠᠷ ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠰᠢᠶᠠᠩ ᠪᠠᠯᠭᠠᠰᠤ ᠵᠢᠴᠢ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠲᠠᠶ ᠬᠢᠮᠢ ᠶᠢᠨ ᠪᠣᠳᠠᠰ ᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃      ᠵᠠᠩ ᠯᠢᠨ ᠯᠢᠨ ᠨᠡᠷ ᠤᠷᠢᠳ ᠬᠤᠵᠢᠳ ᠳᠤᠮᠳᠠᠳᠤ ᠤᠯᠤᠰ ᠤᠨ ᠴᠢᠯᠠᠭᠤᠨ ᠲᠣᠰᠣ ᠬᠤᠷᠢᠨᠬᠡᠷ ᠴᠠᠬᠢᠯᠭᠠᠨ ᠤ ᠦᠢᠯᠡᠳᠪᠦᠷᠢ ᠶᠢᠨ ᠲᠣᠰᠣ ᠨᠡᠮᠡᠬᠦ ᠥᠷᠲᠡᠭᠡ᠂ ᠰᠢᠶᠠᠩ ᠱᠦᠨ ᠬᠥᠰᠢᠵᠦ ᠤᠭᠰᠠᠷᠠᠭᠰᠠᠨ ᠲᠣᠰᠣ ᠨᠡᠮᠡᠬᠦ ᠥᠷᠲᠡᠭᠡ᠂ ᠪᠧᠢ ᠹᠠᠩ ᠬᠤᠷᠢᠨᠭᠡᠷ ᠴᠠᠬᠢᠯᠭᠠᠨ ᠭᠠᠷᠭᠠᠬᠤ ᠦᠢᠯᠡᠳᠪᠦᠷᠢ᠂ ᠳ᠋ᠠ ᠬᠤᠩ ᠴᠧᠩ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠲᠣᠭᠤᠷᠢᠭ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠩ ᠱᠠᠨ ᠺᠸᠤ ᠶᠢᠨ ᠲᠣᠰᠣ ᠨᠡᠮᠡᠬᠦ ᠥᠷᠲᠡᠭᠡ ᠶᠢᠨ ᠠᠶᠣᠯᠭᠦᠢ ᠶᠢᠨ ᠦᠢᠯᠡᠳᠪᠦᠷᠢᠯᠡᠯ ᠤᠨ ᠠᠵᠢᠯ ᠢ ᠪᠠᠶᠢᠴᠠᠭᠠᠵᠤ᠂ ᠬᠥᠮᠦᠵᠢᠯ ᠪᠣᠯᠪᠠᠰᠤᠷᠠᠭᠤᠯᠤᠯ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠵᠢᠴᠢ ᠲᠤᠬᠠᠶ ᠶᠢᠨ ᠲᠠᠯᠠᠪᠠᠢ ᠶᠢᠨ ᠬᠠᠮᠢᠶᠠᠷᠣᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠠᠯᠳᠠ ᠭᠡᠮ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ ᠵᠠᠩ ᠯᠢᠨ ᠯᠢᠨ ᠪᠠᠶᠢᠴᠠᠭᠠᠯᠲᠠ ᠲᠠᠭᠠᠨ ᠵᠢᠭᠠᠵᠤ ᠭᠠᠷᠭᠠᠭᠰᠠᠨ ᠨᠢ᠂ ᠣᠳᠣᠬᠠᠨ ᠳᠤ ᠶᠠᠭ ᠵᠢᠯ ᠤᠨ ᠡᠴᠦᠰ ᠪᠣᠯᠵᠤ ᠪᠣᠢ᠂ ᠠᠶᠤᠯᠭᠦᠶ ᠦᠢᠯᠡᠳᠪᠦᠷᠢᠯᠡᠯ ᠤᠨ ᠭᠤᠣᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠰᠠᠭᠤᠳᠠᠯ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠠᠳᠡᠯ ᠤᠨ ᠲᠠᠯᠳᠠ ᠭᠡᠮ ᠢ ᠬᠦᠴᠦᠯᠡᠨ ᠦᠨᠳᠦᠰᠦᠨ ᠠᠴᠠ ᠨᠢ ᠠᠷᠢᠯᠭᠠᠵᠤ᠂ ᠠᠮᠤᠷ ᠲᠦᠪᠰᠢᠨ ᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ ᠭᠡᠪᠡ᠃      ᠵᠠᠩ ᠯᠢᠨ ᠯᠢᠨ ᠴᠢᠬᠤᠯᠠᠴᠢᠯᠠᠭᠰᠠᠨ ᠨᠢ᠂ ᠨᠢᠭᠡ ᠳᠤ ᠡᠯ᠎ᠡ ᠠᠵᠤ ᠠᠬᠤᠶᠢᠯᠠᠯ ᠲᠦᠭᠰᠢᠭᠦᠷᠢ ᠶᠢ ᠢᠯᠭᠠᠨ ᠲᠠᠨᠢᠬᠤ᠂ ᠦᠨᠡᠯᠡᠨ ᠵᠢᠱᠢᠬᠦ᠂ ᠬᠢᠨᠠᠨ ᠬᠡᠮᠵᠢᠬᠦ᠂ ᠬᠠᠮᠢᠶᠠᠷᠤᠨ ᠡᠵᠡᠮᠳᠡᠬᠦ ᠵᠡᠷᠭᠡ ᠪᠥᠬᠦ ᠶᠠᠪᠤᠴᠠ ᠠᠴᠠ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠪᠠ ᠡᠵᠡᠮᠳᠡᠬᠦ ᠪᠥᠬᠦ ᠲᠠᠯ᠎ᠠ ᠶᠢᠨ ᠂ ᠪᠣᠰᠤᠭ᠎ᠠ ᠴᠣᠭᠴᠠᠲᠤ ᠰᠢᠰᠲ᠋ᠧᠮ ᠢ ᠪᠦᠷᠢᠯᠳᠦᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠳᠡᠭᠡᠭᠰᠢᠯᠡᠭᠦᠯᠬᠦ ᠠᠵᠢᠯᠯᠠᠭ᠎ᠠ᠂ ︽ᠵᠢᠵᠢᠭ ᠬᠢᠮᠢ ᠶᠢᠨ ᠠᠵᠤ ᠦᠢᠯᠡᠳᠪᠦᠷᠢ︾ ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠠᠶᠤᠯᠲᠠᠶ ᠪᠣᠳᠠᠰ ᠤᠨ ᠵᠠᠭᠤᠨ ᠡᠳᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠡᠳᠡᠭᠡ ᠵᠠᠩᠭᠢᠴᠢᠯᠠᠯᠲᠠ᠂ ᠠᠮᠤᠷ ᠲᠦᠪᠰᠢᠨ ᠢ ᠦᠨᠡᠯᠡᠨ ᠵᠢᠱᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠠᠭᠤᠳᠠᠯ ᠢ ᠪᠦᠲᠦᠮᠵᠢᠲᠡᠶ ᠪᠠᠷ ᠪᠠᠶᠢᠴᠠᠭᠠᠨ ᠳᠡᠯᠭᠡᠵᠦ᠂ ᠠᠶᠣᠯᠭᠦᠢ ᠶᠢᠨ ᠳᠠᠯᠳᠠ ᠭᠡᠮ ᠢ ᠠᠷᠢᠯᠭᠠᠬᠤ ᠬᠡᠷᠡᠭᠲᠡᠢ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号