ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠶᠦᠨ ᠵᠢᠶᠠᠨ ᠳ᠋ᠦᠩ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 3 ᠤ ᠡᠳᠦᠷ᠂ ᠪᠦᠬᠦ ᠬᠤᠲᠠ ᠶᠢᠨ ᠲᠣᠰᠬᠤᠨ᠂ | ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ | ᠫᠢᠩ ᠤᠨ ᠬᠥᠳᠡᠭᠡ ᠲᠣᠰᠬᠤᠨ ᠪᠠ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ᠂ | ᠪᠦᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠬᠤᠭᠤᠴᠠᠭ᠎ᠠ ᠰᠣᠯᠢᠬᠤ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ᠂ ᠬᠤᠲᠠ ᠶᠢᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠸᠠᠩ ᠯᠢ ᠰᠢᠶᠠ | ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠦᠨ ᠵᠢᠶᠠᠨ ᠳ᠋ᠦᠩ ᠬᠤᠷᠠᠯ ᠢ ᠡᠷᠬᠢᠯᠡᠪᠡ᠃ ᠥᠪᠡᠷᠲᠡᠭᠡᠨ | ᠵᠠᠰᠠᠬᠤ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠠᠵᠢᠯ ᠤᠨ ᠨᠢᠭᠡᠳᠦᠭᠡᠷ ᠲᠣᠭᠤᠷᠢᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠤᠭᠤᠶᠢᠯᠠᠩ ᠤᠨ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠬᠤᠶᠠᠳᠤᠭᠠᠷ ᠲᠡᠰ ᠤᠨ | ᠲᠣᠭᠤᠷᠢᠨ ᠪᠠᠶᠢᠴᠠᠭᠠᠭᠴᠢ ᠬᠠᠨ ᠪᠣᠣ ᠷᠦᠩ ᠵᠢᠴᠢ ᠲᠣᠭᠤᠷᠢᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ | ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠨ ᠵᠢᠯᠣᠭᠤᠳᠤᠯᠭ᠎ᠠ ᠬᠢᠪᠡ᠃ | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ᠂ ᠬᠤᠲᠠ ᠶᠢᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠴᠠᠩ ᠫᠧᠢ | ᠵᠦᠩ ᠠᠴᠠ ᠭᠡᠰᠢᠭᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠪᠠᠶᠢᠭᠤᠯᠤᠮᠵᠢ ᠶᠢᠨ ᠲᠣᠬᠢᠷᠠᠭᠤᠯᠤᠯᠲᠠ ᠵᠡᠷᠭᠡ ᠳᠤ ᠲᠣᠳᠣᠷᠬᠠᠶᠢᠯᠠᠯᠲᠠ ᠬᠢᠪᠡ᠃ | ᠸᠠᠩ ᠯᠢ ᠰᠢᠶᠠ ᠶᠠᠷᠢᠶᠠᠨ ᠳᠠᠭᠠᠨ᠂ ᠲᠤᠰ ᠤᠳᠠᠭᠠᠨ ᠤ ᠬᠤᠭᠤᠴᠠᠭ᠎ᠠ ᠰᠣᠯᠢᠬᠤ ᠠᠵᠢᠯ ᠪᠣᠯ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠳᠠᠷᠠᠭᠠᠬᠢ | ᠦᠨᠳᠦᠰᠦᠨ ᠱᠠᠲᠤᠨ ᠤ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡ ᠶᠡᠭᠡ ᠤᠴᠢᠷ ᠪᠣᠯᠣᠨ᠎ᠠ᠂ ᠬᠥᠳᠡᠭᠡ | ᠲᠣᠰᠬᠤᠨ ᠪᠠ ᠬᠤᠲᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ | ᠨᠢᠭᠡᠨ ᠴᠢᠬᠤᠯᠠ ᠦᠨᠳᠦᠰᠦᠨ ᠴᠢᠨᠠᠷᠲᠠᠢ ᠠᠵᠢᠯ ᠪᠣᠯᠣᠨ᠎ᠠ᠂ ᠨᠡᠩ ᠴᠦ ︽ᠠᠷᠪᠠᠨ ᠳᠥᠷᠪᠡᠳᠦᠭᠡᠷ ᠲᠠᠪᠤᠨ ᠵᠢᠯ︾ | ᠴᠢᠨᠠᠭᠰᠢᠯᠠᠪᠠᠯ ᠨᠡᠩ ᠤᠷᠲᠤ ᠬᠤᠭᠤᠴᠠᠭᠠᠨ ᠳᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠡᠨᠡ | ᠤᠳᠠᠭᠠᠨ ᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ | ᠠᠩᠬ᠎ᠠ ᠤᠳᠠᠭ᠎ᠠ ᠬᠤᠲᠠ ᠰᠢᠶᠠᠨ ᠰᠢᠶᠠᠩ ᠤᠨ ᠬᠤᠭᠤᠴᠠᠭ᠎ᠠ ᠰᠣᠯᠢᠬᠤ ᠠᠵᠢᠯ ᠲᠠᠢ ᠵᠡᠷᠭᠡᠪᠡᠷ ᠶᠠᠪᠤᠭᠳᠠᠬᠤ | ᠮᠥᠷᠲᠡᠭᠡᠨ᠂ ᠲᠤᠰᠢᠶᠠᠯ ᠤᠨ ᠬᠤᠭᠤᠴᠠᠭ᠎ᠠ ᠶᠢ ᠤᠤᠯ ᠤᠨ 3 ᠵᠢᠯ ᠢ 5 ᠵᠢᠯ ᠪᠣᠯᠭᠠᠨ ᠥᠭᠡᠷᠡᠴᠢᠯᠡᠵᠦ᠂ ︽ᠲᠠᠪᠤᠨ | ᠵᠢᠯ ᠤᠨ ᠲᠥᠯᠥᠪᠵᠢᠭᠦᠯᠭᠡ︾ ᠯᠦᠭᠡ ᠳᠡᠭᠡᠳᠦ ᠬᠡᠮᠵᠢᠶ᠎ᠡ ᠪᠠᠷ ᠵᠤᠬᠢᠴᠠᠯᠳᠤᠪᠠ᠂ ᠬᠤᠭᠤᠴᠠᠭ᠎ᠠ ᠰᠣᠯᠢᠬᠤ ᠪᠠᠷ | ᠳᠠᠮᠵᠢᠨ ︽ᠬᠤᠶᠠᠷ ᠵᠥᠪᠯᠡᠯ︾ ᠤᠨ ᠺᠠᠳ᠋ᠷ ᠢ ᠵᠥᠪ ᠰᠣᠩᠭᠤᠵᠤ ᠰᠠᠶᠢᠨ ᠰᠣᠩᠭᠤᠵᠤ ᠴᠢᠳᠠᠬᠤ ᠡᠰᠡᠬᠦ᠂ ᠠᠵᠢᠯ ᠤᠨ | ᠪᠠᠭ ᠢ ᠰᠢᠯᠢᠳᠡᠭ ᠲᠣᠬᠢᠷᠠᠭᠤᠯᠵᠤ ᠬᠦᠴᠦᠷᠬᠡᠭ ᠲᠣᠬᠢᠷᠠᠭᠤᠯᠵᠤ ᠴᠢᠳᠠᠬᠤ ᠡᠰᠡᠬᠦ ᠨᠢ ᠴᠢᠬᠤᠯᠠ ᠶᠡᠭᠡ ᠠᠯᠤᠰ | ᠬᠡᠲᠦ ᠶᠢᠨ ᠨᠥᠯᠥᠭᠡ ᠲᠠᠢ ᠶᠤᠮ ᠭᠡᠵᠡᠢ᠃ | ᠸᠠᠩ ᠯᠢ ᠰᠢᠶᠠ ᠴᠢᠬᠤᠯᠠᠴᠢᠯᠠᠬᠤ ᠳᠠᠭᠠᠨ᠂ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰ ᠤᠳᠠᠭᠠᠨ ᠤ ᠬᠤᠭᠤᠴᠠᠭ᠎ᠠ ᠰᠣᠯᠢᠬᠤ ᠠᠵᠢᠯ ᠢ | ᠰᠠᠶᠢᠬᠠᠨ ᠬᠢᠬᠦ ᠪᠣᠯ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ᠂ ︽ᠬᠤᠶᠠᠷ ᠢ ᠬᠦᠷᠢᠶᠡᠯᠡᠬᠦ︾ | ᠶᠢᠨ ᠪᠣᠳᠠᠲᠤ ᠠᠵᠢᠯᠯᠠᠭ᠎ᠠ ᠮᠥᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ | ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠬᠤ᠂ ᠴᠢᠬᠤᠯᠠ ᠶᠡᠭᠡ ᠡᠭᠦᠷᠭᠡ ᠶᠢ | ᠨᠠᠶᠢᠳᠠᠪᠤᠷᠢᠵᠢᠭᠤᠯᠬᠤ ᠶᠢᠨ ᠪᠣᠳᠠᠲᠠᠢ ᠱᠠᠭᠠᠷᠳᠠᠯᠭ᠎ᠠ ᠮᠥᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠬᠤ᠂ ᠦᠨᠳᠦᠰᠦᠨ ᠱᠠᠲᠤᠨ ᠤ ᠠᠷᠠᠳᠴᠢᠯᠠᠯ ᠢ ᠪᠠᠳᠠᠷᠠᠭᠤᠯᠬᠤ ᠴᠢᠬᠤᠯᠠ ᠦᠢᠯᠡᠳᠦᠯᠭᠡ ᠮᠥᠨ᠂ ᠵᠣᠬᠢᠶᠠᠨ | ᠪᠠᠶᠢᠭᠤᠯᠤᠯᠲᠠ ᠶᠢᠨ ᠰᠢᠰᠲ᠋ᠧᠮᠵᠢ ᠶᠢ ᠨᠢᠭᠲᠠᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ | ᠴᠢᠩᠭᠠᠳᠬᠠᠬᠤ ᠴᠢᠬᠤᠯᠠ ᠪᠠᠲᠤᠯᠠᠭ᠎ᠠ ᠮᠥᠨ ᠭᠡᠳᠡᠭ ᠢ ᠬᠦᠨᠵᠡᠭᠡᠢ ᠲᠠᠨᠢᠬᠤ ᠬᠡᠷᠡᠭᠲᠡᠢ᠃ ᠨᠢᠭᠡᠳᠦᠯᠲᠡᠢ | ᠲᠥᠯᠥᠪᠵᠢᠭᠦᠯᠦᠨ ᠲᠥᠯᠥᠪᠯᠡᠵᠦ᠂ ᠨᠠᠷᠢᠯᠢᠭ ᠵᠣᠬᠢᠶᠠᠨ ᠪᠠᠶᠢᠭᠤᠯᠤᠨ᠂ ᠡᠮᠬᠢ ᠵᠢᠷᠤᠮ ᠲᠠᠢ ᠲᠦᠯᠬᠢᠨ ᠠᠬᠢᠭᠤᠯᠵᠤ᠂ | ᠤᠯᠤᠰ ᠲᠥᠷᠥ ᠶᠢᠨ ᠪᠣᠭᠤᠮᠲᠠ᠂ ᠬᠡᠪ ᠰᠤᠷᠲᠠᠯ ᠤᠨ ᠪᠣᠭᠤᠮᠲᠠ᠂ ᠴᠢᠳᠠᠪᠤᠷᠢ ᠶᠢᠨ ᠪᠣᠭᠤᠮᠲᠠ ᠶᠢ ᠦᠨᠡᠨᠬᠦ ᠴᠢᠩᠭ᠎ᠠ | ᠰᠠᠬᠢᠵᠤ᠂ ᠬᠥᠮᠥᠵᠢᠯ ᠵᠢᠯᠣᠭᠤᠳᠤᠯᠭ᠎ᠠ᠂ ᠤᠷᠢᠳᠴᠢᠯᠠᠨ ᠮᠠᠭᠠᠳᠯᠠᠵᠤ ᠤᠷᠢᠳᠴᠢᠯᠠᠨ ᠡᠵᠡᠮᠳᠡᠬᠦ ᠪᠠ ᠬᠢᠨᠠᠯᠲᠠ | ᠪᠠᠶᠢᠴᠠᠭᠠᠯᠲᠠ ᠶᠢ ᠴᠢᠩᠭᠠᠳᠬᠠᠨ᠂ ᠲᠥᠪ ᠴᠢᠬᠡᠴᠢ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠬᠦᠴᠦᠯᠡᠨ ᠪᠤᠢ | ᠪᠣᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠡᠯ᠎ᠡ ᠱᠠᠲᠤᠨ ᠤ ᠬᠤᠭᠤᠴᠠᠭ᠎ᠠ ᠰᠣᠯᠢᠬᠤ ᠠᠵᠢᠯ ᠤᠨ ︽ᠠᠩᠬᠠᠨ ᠤ | ᠳᠠᠶᠢᠨ︾ ᠤ ᠢᠯᠠᠯᠲᠠ ᠶᠢ ᠵᠠᠪᠠᠯ ᠣᠯᠵᠤ᠂ ᠴᠢᠨᠠᠷ ᠰᠠᠶᠢᠲᠠᠢ ᠬᠥᠭᠵᠢᠯᠲᠡ ᠲᠠᠢ᠂ ᠴᠢᠨᠠᠷ ᠰᠠᠶᠢᠲᠠᠢ ᠠᠮᠢᠳᠤᠷᠠᠯ ᠲᠠᠢ᠂ | ᠪᠦᠲᠦᠮᠵᠢ ᠰᠠᠶᠢᠲᠠᠢ ᠵᠠᠰᠠᠯᠲᠠ ᠲᠠᠢ ᠣᠳᠣᠬᠢᠴᠢᠯᠠᠭᠰᠠᠨ ᠲᠥᠪ ᠬᠤᠲᠠ ᠶᠢ ᠪᠦᠲᠦᠭᠡᠨ ᠪᠠᠶᠢᠭᠤᠯᠬᠤ ᠳᠤ ᠪᠠᠲᠤ | ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ | ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠰᠢᠦᠢ ᠷᠦᠢ ᠰᠢᠶᠠ | ᠬᠤᠷᠠᠯ ᠳᠤ ᠣᠷᠣᠯᠴᠠᠵᠠᠢ᠃ |