ᠦᠨᠳᠦᠰᠦᠨ ᠬᠠᠤᠯᠢ ᠶᠢᠨ ᠤᠬᠠᠭᠤᠯᠭ᠎ᠠ ᠰᠤᠷᠭᠠᠭᠤᠯᠢ ᠶᠢᠨ ᠬᠦᠷᠢᠶᠡᠨ ᠳᠤ ᠣᠷᠣᠪᠠ
ᠨᠡᠶᠢᠲᠡᠯᠡᠭᠰᠡᠨ ᠴᠠᠭ᠄
2020/12/4
     12 ᠳ᠋ᠤᠭᠠᠷ ᠰᠠᠷ᠎ᠠ ᠶᠢᠨ 3 ᠤ ᠡᠳᠦᠷ᠂ ᠢᠦᠢ ᠴᠢᠣᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠶᠡᠷᠦᠩᠬᠡᠢ ᠡᠭᠦᠷ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠤᠨ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠳᠤ ᠬᠦᠷᠴᠦ ︽ᠬᠠᠤᠯᠢ ᠶᠢᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠭᠤᠣᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠵᠢᠯᠯᠠᠭ᠎ᠠ ᠥᠷᠨᠢᠭᠦᠯᠪᠡ᠃ ᠰᠠᠶᠢᠨ ᠳᠤᠷ᠎ᠠ ᠶᠢᠨ ᠨᠠᠮ ᠤᠨ ᠭᠡᠰᠢᠭᠦᠳ ᠬᠡᠦᠬᠡᠳ ᠤᠳ ᠲᠤ ᠦᠨᠳᠦᠰᠦᠨ ᠬᠠᠤᠯᠢ ᠶᠢᠨ ᠨᠣᠮ ᠬᠦᠷᠭᠡᠵᠦ᠂ ᠤᠯᠤᠰ ᠤᠨ ᠰᠦᠯᠳᠡ᠂ ᠤᠯᠤᠰ ᠤᠨ ᠳᠠᠭᠤᠤ ᠵᠢᠴᠢ ᠦᠨᠳᠦᠰᠦᠨ ᠬᠠᠤᠯᠢ ᠶᠢᠨ ᠢᠷᠡᠯᠲᠡ ᠬᠢᠭᠡᠳ ᠲᠡᠭᠦᠨ ᠤ ᠲᠥᠯᠥᠭᠡᠯᠡᠬᠦ ᠤᠳᠬ᠎ᠠ ᠠᠭᠤᠯᠭ᠎ᠠ ᠶᠢ ᠲᠠᠶᠢᠯᠪᠤᠷᠢᠯᠠᠭᠰᠠᠨ ᠤ ᠬᠠᠮᠲᠤ᠂ ᠰᠤᠷᠤᠭᠴᠢᠳ ᠢ ᠵᠣᠬᠢᠶᠠᠨ ᠪᠠᠶᠢᠭᠤᠯᠤᠨ ᠦᠨᠳᠦᠰᠦᠨ ᠬᠠᠤᠯᠢ ᠶᠢᠨ ᠢᠲᠡᠭᠡᠯ ᠪᠢᠰᠢᠷᠡᠯ ᠢ ᠪᠤᠢ ᠪᠣᠯᠭᠠᠬᠤ  ᠲᠠᠩᠭᠠᠷᠢᠭᠯᠠᠬᠤ ᠠᠵᠢᠯᠯᠠᠭ᠎ᠠ ᠶᠠᠪᠤᠭᠤᠯᠵᠤ  ᠂ ᠮᠠᠨ ᠤ ᠤᠯᠤᠰ ᠤᠨ  ᠲᠤᠯᠤᠭᠠᠳᠡᠬᠢ ᠤᠯᠤᠰ ᠤᠨ ᠦᠨᠳᠦᠰᠦᠨ ᠬᠠᠤᠯᠢ ᠶᠢᠨ ᠡᠳᠦᠷ ᠢ ᠤᠭᠲᠤᠵᠠᠢ᠃ ︵ᠰᠤᠷᠪᠤᠯᠵᠢᠯᠠᠭᠴᠢ ᠳ᠋ᠢᠩ ᠭᠧᠨ ᠾᠧᠦ ᠰᠡᠭᠦᠳᠡᠷᠯᠡᠪᠡ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号