ᠠᠷᠠᠳ ᠲᠤ ᠠᠰᠢᠭ ᠬᠦᠷᠲᠡᠭᠡᠬᠦ ᠪᠠ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ︽ᠨᠢᠭᠡ ᠺᠠᠷᠲ︾ ᠢᠶᠠᠷ ᠠᠪᠬᠤ ᠶᠢ ᠪᠡᠶᠡᠯᠡᠬᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2020/12/4
      ᠰᠢᠨᠬᠤᠧᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 2 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠱᠧᠨ ᠴᠧᠩ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠁ ᠡᠲᠡᠭᠡᠷ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠬᠤ ᠡᠳ᠋ ᠤᠨ ᠵᠠᠰᠠᠭ ᠤᠨ ᠨᠥᠬᠦᠪᠥᠷᠢ ᠶᠢ ︽ᠨᠢᠭᠡ ᠺᠠᠷᠲ︾ ᠢᠶᠠᠷ ᠠᠪᠬᠤ ᠶᠢ ᠪᠡᠶᠡᠯᠡᠬᠦᠯᠬᠦ ᠪᠠᠷ ᠪᠠᠶᠢᠨ᠎ᠠ᠃ ᠰᠤᠷᠪᠤᠯᠵᠢᠯᠠᠭᠴᠢ 2 ᠤᠨ ᠡᠳᠦᠷ ᠡᠳ᠋ ᠤᠨ ᠵᠠᠰᠠᠭ ᠤᠨ ᠶᠠᠮᠤᠨ ᠠᠴᠠ ᠤᠶᠢᠯᠠᠭᠠᠬᠰᠠᠨ ᠢᠶᠠᠷ᠂ ᠡᠳ᠋ ᠤᠨ ᠵᠠᠰᠠᠭ ᠤᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ ᠲᠦᠷᠦᠭᠦᠬᠡᠨ ︽ᠰᠠᠨᠠᠯ︾ ᠲᠡᠷᠤᠮᠠᠯᠯᠠᠨ ᠲᠠᠷᠬᠠᠭᠠᠵᠤ ᠬᠡᠯᠡᠬᠦ ᠳᠡᠭᠡᠨ᠂ 2023 ᠣᠨ ᠪᠣᠯᠬᠤ ᠳᠤ᠂ ᠬᠥᠮᠦᠨ ᠪᠠ ᠡᠷᠦᠬᠡ ᠳᠤ ᠰᠢᠭᠤᠳ ᠦᠭᠭᠦ ᠠᠷᠠᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠵᠠᠷᠴᠢᠮ ᠳᠡᠭᠡᠷ᠎ᠡ ᠪᠠᠨ ᠴᠥᠮ ︽ᠪᠦᠬᠦᠨ ᠳᠤ ᠳᠣᠭᠢᠷᠠᠬᠤ ᠺᠠᠷᠲ︾ ᠢᠶᠠᠷ ᠦᠭᠭᠦᠨ᠎ᠡ ᠬᠡᠪᠡ᠃      ᠠᠷᠠᠳ ᠲᠤ ᠠᠰᠢᠭ ᠬᠦᠷᠲᠡᠭᠡᠬᠦ  ᠪᠠ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠪᠣᠯ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠤᠳ ᠲᠤ᠂ ᠡᠳᠡᠭᠡᠷ ᠨᠥᠬᠦᠪᠥᠷᠢ ᠶᠢᠨ ᠲᠥᠷᠥ ᠶᠢᠨ ᠪᠣᠳᠣᠯᠭ᠎ᠠ ᠨᠢ ᠢᠳᠡᠪᠬᠢᠲᠡᠶ ᠦᠷ᠎ᠡ ᠪᠦᠲᠦᠮᠵᠢ ᠪᠠᠨ ᠪᠠᠳᠠᠷᠠᠭᠤᠯᠤᠬᠰᠠᠭᠠᠷ ᠢᠷᠡᠭᠰᠡᠨ ᠤ ᠬᠠᠮᠲᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠶᠢᠨ᠎ᠠ᠄ ᠬᠡᠰᠡᠭ ᠬᠤᠲᠠ ᠰᠢᠶᠠᠨ ᠤ ᠨᠥᠬᠦᠪᠥᠷᠢ ᠶᠢᠨ ᠲᠥᠷᠥᠯ ᠵᠦᠢᠯ ᠤᠨ ᠲᠠᠷᠠᠬᠠᠶ ᠪᠤᠲᠠᠷᠬᠠᠶ ᠰᠣᠯᠪᠢᠴᠠᠭᠰᠠᠨ ᠪᠠᠶᠢᠳᠠᠯ ᠲᠣᠪᠤᠶᠢᠮ᠎ᠠ ᠪᠠᠶᠢᠨ᠎ᠠ︔ ᠨᠥᠬᠦᠪᠥᠷᠢ ᠶᠢᠨ ᠲᠠᠷᠬᠠᠭᠠᠯᠳᠠ ᠪᠠ ᠬᠠᠮᠢᠶᠠᠷᠤᠯᠳᠠ ᠨᠢ ᠵᠢᠷᠤᠮᠵᠢᠯ ᠢᠶᠠᠷ ᠬᠦᠷᠦᠯᠴᠡᠬᠦ ᠦᠭᠡᠢ ᠪᠠᠶᠢᠨ᠎ᠠ︔ ︽ᠨᠢᠭᠡ ᠬᠥᠮᠦᠨ ᠳᠤ ᠣᠯᠠᠨ ᠺᠠᠷᠲ ᠲᠠᠢ︾᠂ ︽ᠬᠥᠮᠦᠨ ᠪᠤᠯᠤᠨ ᠺᠠᠷᠲ ᠰᠠᠯᠤᠩᠬᠢᠷᠠᠬᠰᠠᠨ︾ ᠵᠡᠷᠭᠡ ᠪᠠᠶᠢᠳᠠᠯ ᠨᠡᠶᠢᠳᠡᠮ ᠣᠷᠣᠰᠢᠵᠤ ᠪᠠᠶᠢᠨ᠎ᠠ᠃ ᠬᠢᠨᠠᠯᠲᠠ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠲᠤ ᠠᠰᠢᠭ ᠬᠦᠷᠲᠡᠭᠡᠬᠦ ᠪᠠ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠳ᠋ ᠤᠨ ᠵᠠᠰᠠᠭ ᠤᠨ ᠶᠠᠮᠤᠨ ᠵᠡᠷᠭᠡ ᠳᠣᠯᠣᠭᠠᠨ ᠰᠠᠯᠠᠭ᠎ᠠ ᠮᠥᠴᠢᠷ ᠬᠠᠮᠲᠤᠷᠠᠨ ︽ᠠᠷᠠᠳ ᠲᠤ ᠠᠰᠢᠭ ᠬᠦᠷᠲᠡᠭᠡᠬᠦ ᠪᠠ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︿ᠪᠦᠬᠦᠨ ᠳᠤ ᠳᠣᠭᠢᠷᠠᠬᠤ ᠺᠠᠷᠲ﹀ ᠤᠨ ᠬᠠᠮᠢᠶᠠᠷᠤᠯᠲᠠ ᠶᠢ ᠴᠢᠨᠠᠬᠰᠢᠳᠠ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠪᠡ᠃  ᠰᠠᠨᠠᠯ ᠳᠤ᠂ 2023 ᠣᠨ ᠪᠣᠯᠬᠤ ᠳᠤ᠂ ᠬᠥᠮᠦᠨ ᠪᠠ ᠡᠷᠦᠬᠡ ᠳᠤ ᠰᠢᠭᠤᠳ ᠦᠭᠭᠦ ᠠᠷᠠᠳ ᠲᠤ ᠠᠰᠢᠭ ᠬᠦᠷᠲᠡᠭᠡᠬᠦ ᠪᠠ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠵᠠᠷᠴᠢᠮ ᠳᠡᠭᠡᠷ᠎ᠡ ᠪᠠᠨ ᠴᠥᠮ ︽ᠪᠦᠬᠦᠨ ᠳᠤ ᠳᠣᠭᠢᠷᠠᠬᠤ ᠺᠠᠷᠲ︾ ᠢᠶᠠᠷ ᠦᠭᠭᠦ ᠶᠢ ᠪᠡᠶᠡᠯᠡᠬᠦᠯᠵᠦ᠂ ᠪᠥᠬᠦ ᠮᠤᠵᠢ ᠶᠢᠨ ᠬᠡᠪᠴᠢᠶᠡᠨ ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠭᠴᠢ ᠪᠣᠯᠭᠠᠨ ᠨᠥᠬᠦᠪᠥᠷᠢ ᠶᠢᠨ ᠪᠠᠯᠠ ᠮᠥᠩᠭᠦ ᠲᠠᠷᠬᠠᠭᠠᠬᠤ ᠶᠢ ᠵᠣᠷᠢᠭᠵᠢᠭᠤᠯᠤᠨ᠎ᠠ︔ ᠲᠥᠪ ᠠᠴᠠ ᠨᠢᠭᠡᠳᠦᠯᠲᠡᠢ ᠲᠥᠯᠥᠪᠯᠡᠬᠦ᠂ ᠮᠤᠵᠢ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ ᠬᠤᠲᠠ ᠰᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠢᠨᠠᠯᠲᠠ ᠬᠠᠮᠢᠶᠠᠷᠤᠯᠲᠠ ᠶᠢᠨ ᠪᠠᠶᠢᠷᠢᠰᠢᠯ ᠢ ᠦᠨᠳᠦᠰᠦᠨ ᠳᠡᠭᠡᠨ ᠪᠠᠶᠢᠭᠤᠯᠬᠤ ᠶᠢ ᠪᠡᠶᠡᠯᠡᠭᠦᠯᠦᠨ᠎ᠡ︔ ︽ᠨᠢᠭᠡ ᠬᠠᠭᠤᠳᠠᠰᠤ ᠨᠠᠷᠢᠨ ᠲᠠᠩᠰᠠ ᠶᠢᠨ ᠳᠦᠷᠢᠮ ᠢᠶᠠᠷ ᠬᠠᠮᠢᠶᠠᠷᠬᠤ︾᠂ ︽ᠨᠢᠭᠡ ᠲᠠᠪᠴᠠᠩ ᠠᠴᠠ ᠲᠠᠷᠬᠠᠭᠠᠬᠤ ᠶᠢ ᠬᠠᠮᠢᠶᠠᠷᠬᠤ︾ ᠶᠢ ᠪᠡᠶᠡᠯᠡᠭᠦᠯᠵᠦ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ ᠬᠡᠵᠦ ᠲᠤᠳᠤᠷᠬᠠᠢ ᠲᠤᠬᠳᠠᠭᠠᠵᠠᠢ᠃      ᠡᠨᠡᠭᠦ ᠺᠠᠷᠲ ᠢ ᠵᠢᠩᠬᠢᠨᠢ ᠪᠠᠷ ︽ᠨᠡᠶᠢᠳᠡᠮ ᠭᠡᠷᠡᠭᠯᠡᠬᠦ︾ ᠶᠢ ᠦᠨᠡᠡᠭᠦ ᠪᠠᠲᠤᠯᠠᠬᠤ ᠶᠢᠨ ᠲᠥᠯᠥᠭᠡ᠂ ᠰᠠᠨᠠᠯ ᠳᠤ ᠨᠡᠶᠢᠭᠡᠮ ᠨᠡᠶᠢᠲᠡ ᠳᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠲᠣᠳᠣᠷᠬᠠᠶ ᠬᠠᠭᠤᠳᠠᠰᠤ ᠶᠢ ᠨᠡᠶᠢᠲᠡᠯᠡᠬᠦ᠂ ᠣᠷᠣᠯᠠᠨ ᠲᠠᠷᠬᠠᠭᠠᠬᠤ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠵᠢᠷᠤᠮᠵᠢᠭᠤᠯᠬᠤ᠂ ᠨᠥᠬᠦᠪᠥᠷᠢ ᠶᠢᠨ ᠪᠠᠯᠠ ᠮᠥᠩᠭᠦ ᠲᠠᠷᠬᠠᠭᠠᠬᠤ ᠶᠠᠪᠤᠴᠠ ᠶᠢ ᠵᠢᠷᠤᠮᠵᠢᠭᠤᠯᠬᠤ᠂ ᠲᠥᠪᠯᠡᠷᠡᠩᠭᠦᠶ ᠨᠢᠭᠡᠳᠦᠯᠲᠡᠶ ᠪᠠᠷ ᠬᠠᠮᠢᠶᠠᠷᠬᠤ ᠲᠠᠪᠴᠠᠩ ᠢ ᠪᠠᠶᠢᠭᠤᠯᠬᠤ᠂ ᠨᠥᠬᠦᠪᠥᠷᠢ ᠶᠢᠨ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠢᠯᠡ ᠪᠣᠯᠭᠠᠬᠤ ᠵᠡᠷᠭᠡ ᠶᠢ  ᠪᠠᠭᠳᠠᠭᠠᠬᠰᠠᠨ ᠣᠯᠠᠨ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠣᠳᠣᠷᠬᠠᠶ ᠲᠤᠬᠳᠠᠭᠠᠪᠠ᠃      ᠡᠭᠦᠨ ᠠᠴᠠ ᠭᠠᠳᠠᠨ᠎ᠠ᠂ ᠰᠠᠨᠠᠯ ᠳᠤ ᠪᠠᠰᠠ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠷᠠᠳ ᠲᠤ ᠠᠰᠢᠭ ᠬᠦᠷᠲᠡᠭᠡᠬᠦ ᠪᠠ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︽ᠪᠦᠬᠦᠨ ᠳᠤ ᠳᠣᠭᠢᠷᠠᠬᠤ ᠺᠠᠷᠲ︾ ᠤᠨ ᠬᠠᠮᠢᠶᠠᠷᠤᠯᠲᠠ ᠶᠢ ᠴᠢᠩᠭᠠᠳᠬᠠᠬᠤ ᠳᠤᠮᠳᠠᠬᠢ ᠬᠠᠷᠢᠭᠤᠴᠠᠯᠭ᠎ᠠ ᠡᠭᠦᠷᠭᠡ ᠶᠢ ᠲᠣᠰ ᠲᠣᠰ ᠲᠣᠳᠣᠷᠬᠠᠢ ᠲᠤᠬᠳᠠᠭᠠᠬᠰᠠᠨ ᠪᠥᠭᠡᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠨ ᠴᠢᠩᠭᠠᠳᠬᠠᠬᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠬᠦ᠂ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠠᠷᠠᠳ ᠲᠤ ᠠᠰᠢᠭ ᠬᠦᠷᠲᠡᠭᠡᠬᠦ ᠪᠠ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠡᠭᠦ ᠪᠠᠲᠤᠯᠠᠨ᠎ᠡ ᠭᠡᠵᠠᠢ᠃http://mongol.people.com.cn/15831718.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号