ᠪᠥᠬᠦ ᠤᠯᠤᠰ ᠤᠨ ᠠᠩᠬᠠᠳᠠᠭᠴᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠤᠲᠤᠭ ᠪᠡᠯᠴᠢᠭᠡᠷ ᠤᠨ ᠳᠠᠭᠠᠳᠬᠠᠯ ᠢ ᠤᠷᠠᠳ ᠤᠨ ᠲᠠᠯ᠎ᠠ ᠨᠤᠲᠤᠭ ᠲᠤ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2020/12/4
      ᠥᠪᠥᠷ ᠮᠣᠩᠭᠤᠯ ᠤᠨ ᠡᠳᠦᠷ ᠤᠨ ᠰᠣᠨᠢᠨ ᠤ 12 ᠰᠠᠷ᠎ᠠ ᠶᠢᠨ 2 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠯᠢ ᠶᠦᠩ ᠲᠦ᠋ᠦ︶ ᠪᠥᠬᠦ ᠤᠯᠤᠰ ᠤᠨ ᠠᠩᠬᠠᠳᠠᠭᠴᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠤᠲᠤᠭ ᠪᠡᠯᠴᠢᠭᠡᠷ ᠤᠨ ᠳᠠᠭᠠᠳᠬᠠᠯ ᠤᠨ ᠭᠡᠷ᠎ᠡ ᠲᠣᠭᠲᠠᠬᠤ ᠶᠣᠰᠣᠯᠠᠯ ᠣᠶᠢᠷ᠎ᠠ ᠳᠤ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠳᠤ ᠶᠠᠪᠤᠭᠳᠠᠪᠠ᠃ ᠲᠣᠰ  ᠬᠤᠰᠢᠭᠤᠨ ᠤ ᠬᠥᠭᠡᠴᠢ ᠰᠤᠮᠤ ᠶᠢᠨ ᠪᠠᠯ ᠠᠭᠤᠯᠠ ᠭᠠᠴᠠᠭᠠᠨ ᠤ 76 ᠡᠷᠦᠬᠡ ᠶᠢᠨ ᠨᠡᠶᠢᠲᠡ 100 ᠭᠠᠷᠤᠶ ᠲᠦᠮᠡᠨ ᠮᠥ ᠨᠤᠲᠤᠭ ᠪᠡᠯᠴᠢᠭᠡᠷ ᠲᠤ ᠳᠠᠭᠠᠳᠬᠠᠯ ᠬᠦᠷᠲᠡᠭᠡᠪᠡ᠃ ᠡᠨᠡ ᠬᠡᠰᠡᠭ ᠨᠤᠲᠤᠭ ᠪᠡᠯᠴᠢᠭᠡᠷ ᠲᠤ ᠭᠠᠩ ᠬᠠᠭᠰᠠᠷᠠᠭᠠᠨ᠂ ᠡᠪᠡᠳᠴᠢᠨ  ᠪᠠ ᠬᠤᠷᠣᠬᠠᠶ ᠰᠢᠪᠠᠵᠢ ᠬᠤᠯᠤᠭᠠᠨ᠎ᠠ ᠶᠢᠨ ᠬᠥᠨᠥᠭᠡᠯ᠂ ᠡᠯᠡᠰᠦᠨ ᠰᠢᠭᠤᠷᠭ᠎ᠠ ᠪᠣᠯᠤᠨ ᠭᠠᠯ ᠤᠨ ᠭᠠᠮᠰᠢᠭ ᠵᠡᠷᠭᠡ ᠲᠤᠬᠢᠶᠠᠯᠳᠤᠪᠠᠯ᠂ ᠮᠠᠯᠴᠢᠨ ᠲᠠᠷᠢᠶᠠᠴᠢᠨ ᠬᠠᠮᠤᠭ ᠤᠨ ᠥᠨᠳᠥᠷ ᠲᠡᠭᠡᠨ 2000 ᠭᠠᠷᠤᠶ ᠲᠦᠮᠡᠨ ᠲᠥᠭᠦᠷᠢᠭ ᠤᠨ ᠳᠠᠭᠠᠳᠬᠠᠯ ᠤᠨ ᠪᠠᠲᠤᠯᠠᠭ᠎ᠠ ᠶᠢ ᠬᠦᠷᠳᠡᠬᠦ ᠪᠣᠯᠤᠨ᠎ᠠ᠃      ᠥᠪᠥᠷ ᠮᠣᠩᠭᠤᠯ ᠤᠨ ᠲᠠᠯ᠎ᠠ ᠨᠤᠲᠤᠭ ᠪᠣᠯ ᠧᠦ᠋ᠷᠣᠫᠠ ᠠᠽᠢᠶ᠎ᠠ ᠶᠢᠨ ᠡᠬᠡ ᠬᠠᠭᠤᠷᠠᠶ ᠶᠢᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠡᠪᠡᠰᠦ ᠪᠡᠯᠴᠢᠭᠡᠷ ᠤᠨ ᠲᠥᠷᠥᠯ ᠨᠢ ᠪᠦᠬᠦ ᠤᠯᠤᠰ ᠤᠨ 44 % ᠶᠢ ᠡᠵᠡᠯᠡᠵᠦ ᠪᠤᠶ᠃ ᠭᠡᠪᠡᠴᠦ ᠥᠪᠥᠷ ᠮᠣᠩᠭᠤᠯ ᠤᠨ ᠨᠤᠲᠤᠭ ᠪᠡᠯᠴᠢᠭᠡᠷ ᠨᠢ ᠭᠤᠤᠯᠳᠠᠭᠤ ᠭᠠᠩ ᠬᠠᠭᠤᠷᠠᠶ᠂ ᠬᠠᠭᠠᠰ ᠭᠠᠩ ᠬᠠᠭᠤᠷᠠᠶ ᠭᠠᠵᠠᠷ ᠣᠷᠣᠨ ᠢᠶᠠᠷ ᠲᠠᠷᠬᠠᠵᠤ᠂ ᠬᠤᠷ᠎ᠠ ᠲᠣᠨᠣᠳᠠᠰᠤ ᠪᠠᠭ᠎ᠠ᠂ ᠠᠮᠢ ᠠᠬᠤᠶ ᠶᠢᠨ ᠰᠢᠰᠲ᠋ᠧᠮ ᠢᠶᠠᠷ ᠬᠡᠪᠡᠷᠡᠭ ᠪᠣᠯᠬᠤᠷ ᠬᠡᠷᠪᠡ ᠡᠪᠳᠡᠭᠳᠡᠬᠦ ᠳᠤ ᠬᠦᠷᠪᠡᠯ ᠰᠡᠷᠭᠦᠭᠡᠬᠦ ᠳᠤ ᠬᠦᠴᠢᠷᠲᠡᠶ ᠪᠦᠭᠡᠳ ᠡᠷᠬᠢᠯᠳᠡ ᠶᠢᠨ ᠬᠤᠭᠤᠴᠠᠭ᠎ᠠ ᠨᠢ ᠣᠷᠳᠣ ᠪᠠᠶᠢᠳᠠᠭ᠃ 2018 ᠣᠨ ᠳᠤ ᠲᠤᠮᠳᠠᠳᠤ ᠤᠯᠤᠰ ᠤᠨ ᠠᠷᠠᠳ ᠤᠨ ᠲᠠᠭᠠᠳᠬᠠᠯ ᠤᠨ ᠡᠳ᠋ ᠬᠥᠷᠥᠩᠭᠡ ᠶᠢᠨ ᠳᠠᠭᠠᠳᠬᠠᠯ ᠤᠨ ᠶᠡᠷᠦᠩᠬᠡᠶ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠪᠥᠬᠦ ᠣᠷᠣᠨ ᠤ ᠬᠡᠪᠴᠢᠶᠡᠨ ᠳᠤ ᠨᠤᠲᠤᠭ ᠪᠡᠯᠴᠢᠭᠡᠷ ᠤᠨ ᠳᠠᠭᠠᠳᠬᠠᠯ ᠥᠷᠨᠢᠭᠦᠯᠬᠦ ᠲᠤᠬᠠᠢ ᠲᠤᠰᠬᠠᠶ ᠰᠡᠳᠦᠪᠲᠦ ᠰᠠᠨᠠᠭᠤᠯᠭ᠎ᠠ ᠳᠤᠷᠠᠳᠪᠠ᠃ ᠳᠠᠷᠠᠭ᠎ᠠ ᠨᠢ᠂ ᠺᠣᠮᠫᠠᠨᠢ ᠪᠣᠯᠤᠨ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠨᠤᠲᠤᠭ ᠪᠡᠯᠴᠢᠭᠡᠷ ᠤᠨ ᠳᠠᠭᠠᠳᠬᠠᠯ ᠤᠨ ᠰᠤᠳᠤᠯᠭᠠᠨ ᠢ ᠬᠤᠶᠠᠷ ᠲᠠᠯ᠎ᠠ ᠶᠢᠨ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ︾ ᠲᠤ ᠣᠷᠣᠭᠤᠯᠵᠠᠢ᠃ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠪᠣᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠬᠠᠮᠲᠤᠷᠠᠭᠰᠠᠨ ᠲᠥᠷᠥᠯ ᠵᠦᠢᠯ ᠤᠨ ᠰᠡᠳᠦᠪ ᠤᠨ ᠳᠤᠭᠤᠶᠢᠯᠠᠩ ᠪᠠᠶᠢᠭᠤᠯᠵᠤ᠂ ᠬᠤᠶᠠᠷ ᠲᠠᠯ᠎ᠠ ᠪᠠᠷ ᠢᠶᠠᠨ ᠣᠯᠠᠨ ᠵᠢᠯ ᠤᠨ ᠲᠤᠷᠰᠢ ᠬᠤᠷᠠᠮᠳᠤᠭᠤᠯᠤᠭᠰᠠᠨ ᠨᠤᠲᠤᠭ ᠪᠡᠯᠴᠢᠭᠡᠷ ᠤᠨ ᠥᠯᠢᠭᠡᠷ ᠭᠠᠵᠠᠷ ᠢ ᠬᠢᠨᠠᠨ ᠬᠡᠮᠵᠢᠭᠰᠡᠨ ᠲᠤᠭ᠎ᠠ ᠪᠠᠷᠢᠮᠲᠠ᠂ ᠠᠳᠠᠯᠢ ᠪᠤᠰᠤ ᠣᠷᠣᠨ ᠪᠦᠰᠡ ᠪᠣᠯᠤᠨ ᠠᠳᠠᠯᠢ ᠪᠤᠰᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ ᠭᠠᠵᠠᠷ ᠤᠳ ᠤᠨ ᠬᠠᠭᠠᠰ ᠵᠠᠭᠤᠨ ᠰᠢᠬᠠᠮ ᠤᠨ ᠦᠷᠡᠵᠢᠯ ᠤᠨ ᠲᠤᠭ᠎ᠠ ᠪᠠᠷᠢᠮᠲᠠ ᠶᠢ ᠠᠰᠢᠭᠯᠠᠨ᠂ ᠰᠡᠳᠦᠪ ᠤᠨ ᠲᠥᠷᠥᠯ ᠵᠦᠢᠯ ᠤᠨ ᠭᠦᠨᠵᠡᠭᠡᠶ ᠬᠠᠶᠢᠨ ᠰᠥᠪᠡᠭᠴᠢᠯᠡᠯᠲᠡ ᠪᠠ ᠰᠤᠳᠤᠯᠭᠠᠨ ᠥᠷᠨᠢᠭᠦᠯᠪᠡ᠃ ᠡᠨᠡ ᠵᠢᠯ ᠤᠨ 8 ᠰᠠᠷ᠎ᠠ ᠶᠢᠨ 14 ᠤ ᠡᠳᠦᠷ ᠂ ᠲᠤᠮᠳᠠᠳᠤ ᠤᠯᠤᠰ ᠤᠨ ᠠᠷᠠᠳ ᠤᠨ ᠲᠠᠭᠠᠳᠬᠠᠯ ᠤᠨ ᠡᠳ᠋ ᠬᠥᠷᠥᠩᠭᠡ ᠶᠢᠨ ᠳᠠᠭᠠᠳᠬᠠᠯ ᠤᠨ ᠶᠡᠷᠦᠩᠬᠡᠶ ᠺᠣᠮᠫᠠᠨᠢ ᠬᠥᠬᠡᠬᠤᠲᠠ ᠳᠤ ᠨᠤᠲᠤᠭ ᠪᠡᠯᠴᠢᠭᠡᠷ ᠤᠨ ᠳᠠᠭᠠᠳᠬᠠᠯ ᠤᠨ ᠰᠡᠳᠦᠪ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠰᠤᠳᠤᠯᠬᠤ ᠭᠠᠵᠠᠷ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤᠨ ᠠᠰᠢᠭᠯᠠᠯᠲᠠ ᠶᠢᠨ ᠰᠤᠳᠤᠯᠬᠤ ᠭᠠᠵᠠᠷ᠂ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠲᠤᠰᠬᠠᠶ ᠮᠡᠷᠭᠡᠵᠢᠯᠲᠡᠨ ᠡᠷᠳᠡᠮᠲᠡᠳ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠳᠠᠭᠠᠳᠬᠠᠯ ᠤᠨ ᠲᠤᠷᠰᠢᠯᠲᠠ ᠶᠢᠨ ᠲᠥᠰᠦᠯ ᠢ ᠬᠢᠨᠠᠨ ᠲᠣᠭᠲᠠᠭᠠᠵᠤ᠂ ᠡᠴᠦᠰ ᠲᠡᠭᠡᠨ ᠤᠷᠠᠳ ᠤᠨ ᠬᠤᠶᠢᠲᠤ ᠬᠤᠰᠢᠭᠤᠨ ᠳᠤ ᠳᠠᠭᠠᠳᠬᠠᠯ ᠤᠨ ᠰᠦᠢᠳᠭᠡᠯ ᠤᠨ ᠣᠷᠣᠨ ᠨᠤᠲᠤᠭ ᠤᠨ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢ ᠬᠡᠷᠡᠭᠵᠢᠭᠦᠯᠬᠦ ᠪᠠᠷ ᠲᠣᠭᠲᠠᠪᠠ᠃      ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠳᠠᠭᠠᠳᠬᠠᠯ ᠪᠣᠯ ᠪᠡᠯᠴᠢᠭᠡᠷᠯᠡᠭᠦᠯᠬᠦ ᠶᠢ ᠵᠤᠬᠰᠤᠭᠠᠬᠰᠠᠨ ᠭᠠᠵᠠᠷ ᠣᠷᠣᠨ ᠤ ᠨᠤᠲᠤᠭ ᠪᠡᠯᠴᠢᠭᠡᠷ ᠪᠣᠯᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠭᠠᠵᠠᠷ ᠣᠷᠣᠨ ᠤ ᠨᠤᠲᠤᠭ ᠪᠡᠯᠴᠢᠭᠡᠷ ᠢᠶᠠᠷ ᠳᠠᠭᠠᠳᠬᠠᠭᠳᠠᠬᠤᠨ ᠪᠣᠯᠭᠠᠭᠰᠠᠨ᠂ ᠭᠠᠩ ᠬᠠᠭᠰᠠᠷᠭᠠᠨ᠂ ᠡᠪᠡᠳᠴᠢᠨ ᠪᠠ ᠬᠤᠷᠣᠬᠠᠶ ᠰᠢᠪᠠᠵᠢ ᠬᠤᠯᠤᠭᠠᠨ᠎ᠠ ᠶᠢᠨ ᠬᠥᠨᠥᠭᠡᠯ᠂ ᠡᠯᠡᠰᠦᠨ ᠰᠢᠭᠤᠷᠭ᠎ᠠ ᠪᠣᠯᠤᠨ ᠭᠠᠯ ᠤᠨ ᠭᠠᠮᠰᠢᠭ ᠢᠶᠠᠷ ᠳᠠᠭᠠᠳᠬᠠᠯ ᠤᠨ ᠬᠠᠷᠢᠭᠤᠴᠠᠯᠭ᠎ᠠ ᠪᠣᠯᠭᠠᠬᠰᠠᠨ᠂ ᠭᠠᠮᠰᠢᠭᠳᠠᠭᠰᠠᠨ ᠨᠤᠲᠤᠭ ᠪᠡᠯᠴᠢᠭᠡᠷ ᠤᠨ ᠠᠳᠠᠯᠢ ᠪᠤᠰᠤ ᠭᠠᠮᠰᠢᠭ ᠤᠨ ᠵᠡᠷᠭᠡ ᠳᠡᠰ ᠪᠣᠯᠤᠨ ᠬᠠᠷᠠᠭᠠᠯᠵᠠᠩᠭᠤᠢ ᠬᠤᠬᠢᠷᠠᠭᠰᠠᠨ ᠲᠠᠯᠠᠪᠠᠶ ᠪᠠᠷ ᠲᠥᠯᠥᠬᠦ ᠪᠠᠷᠢᠮᠵᠢᠶ᠎ᠠ ᠪᠤᠯᠭᠠᠬᠰᠠᠨ ᠳᠠᠭᠠᠳᠬᠠᠯ ᠤᠨ ᠦᠢᠯᠡᠳᠬᠦᠨ ᠪᠣᠯᠤᠨ᠎ᠠ᠃ ᠲᠤᠰ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠤᠭᠰᠠᠨ ᠨᠢ ᠨᠤᠲᠤᠭ ᠪᠡᠯᠴᠢᠭᠡᠷ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠲᠤᠬᠠᠶ ᠶᠢᠨ ᠭᠠᠵᠠᠷ ᠤᠨ ᠮᠠᠯ ᠠᠵᠤ ᠠᠬᠤᠶ ᠶᠢᠨ ᠪᠠᠶᠢᠭᠠᠯᠢ ᠶᠢᠨ ᠭᠠᠮᠰᠢᠭ ᠤᠨ ᠠᠰᠢᠭ ᠦᠭᠡᠶ ᠨᠥᠯᠥᠭᠡ ᠶᠢ ᠨᠠᠮᠳᠠᠭᠤᠯᠬᠤ ᠶᠤᠮ᠃http://mongol.people.com.cn/15831730.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号