9 ᠰᠠᠷ᠎ᠠ ᠶᠢᠨ 19 ᠤ ᠡᠳᠦᠷ᠂ ︽ᠦᠨ᠎ᠡ ᠪᠠᠭᠤᠷᠠᠭᠤᠯᠬᠤ᠂ ᠳᠠᠭᠠᠳᠬᠠᠯ ᠨᠡᠮᠡᠭᠳᠡᠭᠦᠯᠬᠦ᠂ ᠶᠠᠰᠤ ᠴᠢᠨᠠᠷ ᠢ | ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠭᠰᠠᠨ ᠮᠠᠰᠢᠨ ᠲᠡᠷᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠵᠢᠩᠬᠢᠨᠢ ᠪᠠᠷ ᠬᠡᠷᠡᠭᠵᠢᠭᠦᠯᠪᠡ᠃ ᠬᠤᠶᠠᠷ ᠰᠠᠷ᠎ᠠ ᠢᠯᠡᠭᠦᠦ ᠥᠩᠭᠡᠷᠡᠯ᠎ᠡ᠂ ᠡᠨᠡ | ᠬᠤᠭᠤᠴᠠᠭᠠᠨ ᠳᠤ ᠲᠠ ᠮᠠᠰᠢᠨ ᠲᠡᠷᠭᠡᠨ ᠳᠠᠭᠠᠳᠬᠠᠯ ᠬᠤᠳᠠᠯᠳᠤᠨ ᠠᠪᠤᠬᠰᠠᠨ ᠤᠤ︖ ᠳᠠᠭᠠᠳᠬᠠᠯ ᠤᠨ ᠰᠦᠢᠳᠭᠡᠯ | ᠪᠠᠭᠤᠷᠠᠬᠰᠠᠨ ᠤᠤ︖ | ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ 2019 ᠣᠨ ᠳᠤ ᠮᠠᠨ ᠤ ᠤᠯᠤᠰ ᠤᠨ ᠮᠠᠰᠢᠨ ᠲᠡᠷᠭᠡᠨ ᠤ ᠳᠠᠭᠠᠳᠬᠠᠯ ᠬᠢᠭᠰᠡᠨ ᠮᠠᠰᠢᠨ | ᠲᠡᠷᠭᠡ 2.6 ᠳ᠋ᠦᠩᠰᠢᠭᠤᠷ ᠬᠦᠷᠴᠦ᠂ ᠳᠠᠭᠠᠳᠬᠠᠯ ᠤᠨ ᠰᠦᠢᠳᠭᠡᠯ ᠤᠨ ᠣᠷᠣᠯᠭ᠎ᠠ 8189 ᠳ᠋ᠦᠩᠰᠢᠭᠤᠷ | ᠲᠥᠭᠦᠷᠢᠭ ᠲᠤ ᠬᠦᠷᠴᠦ᠂ ᠡᠳ᠋ ᠬᠦ᠋ᠷᠦᠩᠭᠡ ᠶᠢᠨ ᠳᠠᠭᠠᠳᠬᠠᠯ ᠤᠨ ᠰᠦᠢᠳᠭᠡᠯ ᠤᠨ 63% ᠶᠢ ᠡᠵᠡᠯᠡᠪᠡ᠃ | ᠵᠠᠮ ᠬᠠᠷᠢᠯᠴᠠᠭᠠᠨ ᠤ ᠠᠯᠪᠠᠳᠠᠯᠭ᠎ᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠢᠷᠢ ᠲᠦᠪᠰᠢᠨ ᠳᠡᠭᠡᠭᠰᠢᠯᠡᠵᠦ᠂ | ᠶᠡᠷᠦᠩᠬᠡᠶ ᠬᠠᠷᠢᠭᠤᠴᠠᠯᠭ᠎ᠠ ᠶᠢᠨ ᠬᠢᠵᠠᠭᠠᠷ ᠲᠤᠭ᠎ᠠ ᠶᠢ 12.2 ᠲᠦᠮᠡᠨ ᠲᠥᠭᠦᠷᠢᠭ ᠪᠠᠶᠢᠭᠰᠠᠨ ᠠᠴᠠ 20 ᠲᠦᠮᠡᠨ | ᠲᠥᠭᠦᠷᠢᠭ ᠪᠣᠯᠭᠠᠨ ᠳᠡᠭᠡᠭᠰᠢᠯᠡᠭᠦᠯᠵᠦ᠂ ᠲᠥᠯᠥᠪᠦᠷᠢ ᠦᠭᠭᠦ ᠶᠠᠪᠤᠳᠠᠯ ᠭᠠᠷᠭᠠᠬᠰᠠᠨ ᠦᠭᠡᠢ ᠮᠠᠰᠢᠨ ᠲᠡᠷᠭᠡᠨ ᠤ | ᠡᠵᠡᠨ ᠳᠤ ᠦᠭᠭᠦ ᠰᠦᠢᠳᠭᠡᠯ ᠤᠨ ᠨᠣᠷᠮ᠎ᠠ ᠶᠢ ᠬᠠᠮᠤᠭ ᠥᠨᠳᠥᠷ ᠲᠡᠭᠡᠨ 30% ᠶᠢᠨ ᠬᠠᠷᠠᠭᠠᠯᠵᠠᠯ ᠲᠠᠢ | ᠪᠠᠶᠢᠬᠰᠠᠨ ᠠᠴᠠ ᠨᠢ 50% ᠶᠢᠨ ᠬᠠᠷᠠᠭᠠᠯᠵᠠᠯ ᠲᠠᠢ ᠪᠣᠯᠭᠠᠨ ᠲᠡᠭᠡᠭᠰᠢᠯᠡᠬᠦᠯᠵᠡᠢ᠃ | ᠮᠠᠰᠢᠨ ᠲᠡᠷᠭᠡᠨ ᠤ ᠬᠤᠳᠠᠯᠳᠤᠭᠠᠨ ᠤ ᠳᠠᠭᠠᠳᠬᠠᠯ ᠤᠨ ᠬᠠᠷᠢᠭᠤᠴᠠᠯᠭ᠎ᠠ ᠨᠠᠩ ᠪᠦᠬᠦ ᠲᠠᠯ᠎ᠠ ᠶᠢᠨ ᠪᠣᠯᠵᠤ᠂ | ᠲᠡᠷᠭᠡᠨ ᠤ ᠬᠤᠬᠢᠷᠠᠯ ᠤᠨ ᠳᠠᠭᠠᠳᠬᠠᠯ ᠤᠨ ᠭᠤᠤᠯ ᠳᠠᠭᠠᠳᠬᠠᠯ ᠳᠤ ᠲᠡᠷᠭᠡ ᠶᠢ ᠬᠤᠯᠠᠭᠠᠶᠢᠯᠠᠬᠤ ᠪᠤᠶᠤ ᠪᠤᠯᠢᠶᠠᠬᠤ᠂ | ᠦᠪᠡᠷ ᠢᠶᠠᠨ ᠠᠶᠠᠨᠳᠠᠭᠠᠨ ᠨᠣᠴᠣᠬᠤ᠂ ᠬᠥᠳᠡᠯᠭᠡᠭᠦᠷ ᠮᠠᠰᠢᠨ ᠳᠤ ᠤᠰᠤ ᠤᠷᠤᠬᠤ ᠵᠡᠷᠭᠡ ᠬᠠᠷᠢᠭᠤᠴᠠᠯᠭ᠎ᠠ ᠶᠢ ᠨᠡᠮᠡᠵᠦ | ᠤᠷᠤᠭᠤᠯᠤᠨ᠂ ᠲᠠᠨ ᠤ ᠬᠠᠶᠢᠷᠠᠲᠠᠢ ᠲᠡᠷᠭᠡ ᠶᠢ ᠴᠢᠨᠢ ᠨᠡᠩ ᠠᠮᠤᠷ ᠲᠦᠪᠰᠢᠨ ᠤ ᠪᠠᠲᠤᠯᠠᠭ᠎ᠠ ᠲᠠᠢ ᠪᠣᠯᠭᠠᠪᠠ᠃ | ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠲᠡᠷᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠬᠡᠷᠡᠭᠵᠢᠭᠦᠯᠦᠭᠰᠡᠨ ᠠᠴᠠ ᠨᠠᠰᠢ᠂ 90 % ᠬᠡᠷᠡᠭᠯᠡᠭᠴᠢ ᠶᠢᠨ ᠵᠢᠯ ᠳᠤ ᠲᠤᠰᠢᠶᠠᠬᠤ ᠳᠠᠭᠠᠳᠬᠠᠯ ᠤᠨ ᠰᠦᠢᠳᠭᠡᠯ | ᠪᠠᠭᠤᠷᠠᠵᠤ᠂ ᠮᠠᠰᠢᠨ ᠲᠡᠷᠭᠡᠨ ᠤ ᠳᠤᠮᠳᠠᠴᠢ ᠳᠠᠭᠠᠳᠬᠠᠯ ᠤᠨ ᠰᠦᠢᠳᠭᠡᠯ 3700 ᠲᠥᠭᠦᠷᠢᠭ ᠪᠠᠶᠢᠭᠰᠠᠨ ᠠᠴᠠ ᠪᠠᠨ | ᠪᠠᠭᠤᠷᠠᠭᠠᠳ 2700 ᠲᠥᠭᠦᠷᠢᠭ ᠪᠣᠯᠪᠠ᠃ | ᠭᠡᠪᠡᠴᠦ ᠮᠠᠰᠢᠨ ᠲᠡᠷᠭᠡᠨ ᠤ ᠭᠤᠤᠯ ᠳᠠᠭᠠᠳᠬᠠᠯ ᠤᠨ ᠪᠥᠬᠦ ᠰᠦᠢᠳᠭᠡᠯ ᠪᠦᠷ ᠪᠠᠭᠤᠷᠠᠭᠰᠠᠨ ᠪᠢᠰᠢ ᠶᠤᠮ᠂ | ᠪᠠᠰᠠ 10 % ᠤᠷᠴᠢᠮ ᠤᠨ ᠬᠡᠷᠡᠭᠯᠡᠭᠴᠢ ᠶᠢᠨ ᠮᠠᠰᠢᠨ ᠲᠡᠷᠭᠡᠨ ᠤ ᠳᠠᠭᠠᠳᠬᠠᠯ ᠤᠨ ᠰᠦᠢᠳᠭᠡᠯ ᠡᠳᠦᠢ ᠲᠡᠳᠦᠢ | ᠳᠡᠭᠡᠭᠰᠢᠯᠡᠭᠰᠡᠨ ᠪᠠᠶᠢᠨ᠎ᠠ᠃ | ᠰᠤᠷᠪᠤᠯᠵᠢᠯᠠᠭᠴᠢ ᠬᠢᠨᠠᠨ ᠬᠠᠮᠢᠶᠠᠷᠴᠤ ᠪᠠᠶᠢᠭ᠎ᠠ ᠬᠥᠮᠦᠰ ᠠᠴᠠ ᠠᠰᠠᠭᠤᠨ ᠯᠠᠪᠯᠠᠬᠰᠠᠨ ᠳᠤ᠂ ᠮᠠᠰᠢᠨ ᠲᠡᠷᠭᠡᠨ ᠤ | ᠳᠠᠭᠠᠳᠬᠠᠯ ᠤᠨ ᠰᠦᠢᠳᠭᠡᠯ ᠨᠢ ᠲᠡᠷᠭᠡᠨ ᠤ ᠬᠡᠯᠪᠡᠷᠢ᠂ ᠲᠥᠯᠥᠪᠦᠷᠢ ᠥᠭᠭᠦᠭᠰᠡᠨ ᠲᠡᠦᠬᠡᠨ ᠲᠡᠮᠳᠡᠭᠯᠡᠯ᠂ | ᠳᠠᠭᠠᠳᠬᠠᠯ ᠤᠨ ᠲᠥᠷᠥᠯ ᠵᠦᠢᠯ᠂ ᠳᠠᠭᠠᠳᠬᠠᠯ ᠤᠨ ᠵᠣᠭᠤᠰ ᠤᠨ ᠲᠤᠭ᠎ᠠ ᠵᠡᠷᠭᠡ ᠬᠦᠴᠦᠨ ᠵᠦᠢᠯ ᠢᠶᠠᠷ | ᠲᠣᠭᠳᠠᠭᠠᠭᠳᠠᠨ᠎ᠠ᠃ ᠣᠯᠠᠨ ᠤᠳᠠᠭ᠎ᠠ ᠠᠶᠤᠯ ᠭᠠᠷᠤᠭᠰᠠᠨ ᠲᠥᠯᠥᠪᠦᠷᠢ ᠠᠪᠤᠬᠰᠠᠨ ᠵᠢᠴᠢ ᠰᠡᠯᠪᠢᠨ ᠵᠠᠰᠠᠬᠤ | ᠥᠪᠡᠷ ᠤᠨ ᠥᠷᠲᠡᠭ ᠨᠢ ᠬᠡᠳᠦ ᠥᠨᠳᠥᠷ ᠪᠤᠯᠤᠬᠰᠠᠨ ᠮᠠᠰᠢᠨ ᠲᠡᠷᠭᠡᠨ ᠤ ᠬᠡᠷᠡᠭᠯᠡᠭᠴᠢ ᠳᠤ᠂ ᠳᠠᠭᠠᠳᠬᠠᠯ ᠤᠨ | ᠰᠦᠢᠳᠭᠡᠯ ᠢ ᠨᠢ ᠵᠣᠬᠢᠬᠤ ᠬᠡᠮᠵᠢᠶ᠎ᠡ ᠪᠠᠷ ᠨᠡᠮᠡᠭᠳᠡᠬᠦᠯᠪᠡ᠂ ᠡᠨᠡ ᠨᠢ ᠳᠠᠭᠠᠳᠬᠠᠯ ᠤᠨ ᠰᠦᠢᠳᠭᠡᠯ ᠪᠣᠯᠤᠨ | ᠲᠥᠯᠥᠪᠦᠷᠢ ᠥᠭᠬᠦ ᠥᠪᠡᠷ ᠤᠨ ᠥᠷᠲᠡᠭ ᠬᠠᠷᠢᠯᠴᠠᠨ ᠵᠣᠬᠢᠴᠠᠯᠳᠤᠬᠤ ᠵᠠᠷᠴᠢᠮ ᠲᠠᠢ ᠨᠡᠶᠢᠴᠡᠵᠦ ᠪᠠᠶᠢᠨ᠎ᠠ᠃ | ᠵᠢᠱᠢᠶᠡᠯᠡᠪᠡᠯ᠂ ᠪᠧᠨ ᡂᠢ᠂ ᠪᠦᠦ ᠮᠠ᠂ ᠤᠣ ᠳ᠋ᠢ ᠵᠡᠷᠭᠡ ᠳᠡᠭᠡᠳᠦ ᠲᠡᠰ ᠤᠨ ᠮᠠᠰᠢᠨ ᠲᠡᠷᠭᠡ ᠠᠶᠤᠯ | ᠭᠠᠷᠤᠭᠰᠠᠨ ᠤ ᠳᠠᠷᠠᠭ᠎ᠠ ᠰᠡᠯᠪᠢᠨ ᠵᠠᠰᠠᠬᠤ ᠥᠪᠡᠷ ᠤᠨ ᠥᠷᠲᠡᠭ ᠨᠢ ᠨᠡᠯᠢᠶᠡᠳ ᠥᠨᠳᠥᠷ ᠪᠠᠶᠢᠳᠠᠭ ᠪᠤᠯᠬᠤᠷ | ᠬᠠᠷᠠᠭᠠᠯᠵᠠᠬᠰᠠᠨ ᠳᠠᠭᠠᠳᠬᠠᠯ ᠤᠨ ᠰᠦᠢᠳᠭᠡᠯ ᠤᠨ ᠦᠨ᠎ᠡ ᠨᠢ ᠴᠦ ᠦᠰᠬᠦ ᠶᠤᠮ ᠬᠡᠪᠡ᠃ | ︽ᠣᠯᠠᠩᠬᠢ ᠦᠶ᠎ᠡ ᠳᠤ᠂ ᠳᠠᠭᠠᠳᠬᠠᠯ ᠤᠨ ᠺᠣᠮᠫᠠᠨᠢ ᠨᠢ ᠨᠠᠰᠤ ᠠᠬᠢᠭᠰᠠᠨ ᠮᠠᠰᠢᠨ ᠲᠡᠷᠭᠡᠨ ᠤ ᠡᠵᠡᠨ ᠪᠤᠶᠤ | ᠵᠢᠯᠣᠭᠤᠳᠬᠤ ᠳᠠᠳᠬᠠᠯ ᠢᠶᠠᠷ ᠨᠡᠯᠢᠶᠡᠳ ᠰᠠᠶᠢᠨ ᠮᠠᠰᠢᠨ ᠲᠡᠷᠭᠡᠨ ᠤ ᠡᠵᠡᠨ ᠠᠶᠤᠯ ᠭᠠᠷᠭᠠᠬᠤ ᠨᠤᠷᠮ᠎ᠠ ᠪᠠᠷ | ᠬᠠᠷᠢᠴᠠᠩᠭᠤᠶ ᠳᠣᠤᠷ᠎ᠠ ᠪᠠᠶᠢᠳᠠᠭ ᠪᠣᠯᠬᠤᠷ ᠳᠠᠭᠠᠳᠬᠠᠯ ᠤᠨ ᠰᠦᠢᠳᠭᠡᠯ ᠤᠨ ᠬᠠᠷᠠᠭᠠᠯᠵᠠᠯ ᠤᠨ ᠨᠤᠷᠮ᠎ᠠ ᠶᠢ ᠨᠢ | ᠨᠡᠮᠡᠭᠳᠡᠭᠦᠯᠵᠦ ᠪᠣᠯᠤᠨ᠎ᠠ ᠬᠡᠵᠦ ᠦᠵᠡᠳᠡᠭ︾᠃ ᠨᠢᠭᠡ ᠳᠠᠭᠠᠳᠬᠠᠯ ᠤᠨ ᠠᠵᠢᠯᠲᠠᠨ ᠬᠡᠯᠡᠬᠦ ᠳᠡᠭᠡᠨ᠂ ᠮᠠᠰᠢᠨ ᠲᠡᠷᠭᠡ | ᠨᠢᠭᠡᠪᠦᠷᠢ ᠶᠢᠨ ᠥᠩᠭᠡᠷᠡᠭᠰᠡᠨ ᠤ ᠠᠶᠤᠯ ᠭᠠᠷᠤᠬᠰᠠᠨ ᠪᠠᠶᠢᠳᠠᠯ ᠨᠢ ᠠᠳᠠᠯᠢ ᠦᠭᠡᠢ ᠪᠦᠭᠡᠳ ᠮᠠᠰᠢᠨ ᠲᠡᠷᠭᠡᠨ ᠤ ᠡᠵᠡᠨ | ᠲᠡᠷᠭᠡ ᠵᠢᠯᠣᠭᠤᠳᠬᠤ ᠳᠠᠳᠬᠠᠯ ᠨᠢ ᠴᠦ ᠠᠳᠠᠯᠢ ᠥᠬᠡᠶ ᠪᠠᠶᠢᠳᠠᠭ᠃ ᠥᠭᠡᠷᠡᠴᠢᠯᠡᠯᠲᠡ ᠬᠢᠭᠰᠡᠨ ᠤ ᠳᠠᠷᠠᠭ᠎ᠠ ᠮᠠᠰᠢᠨ | ᠲᠡᠷᠭᠡᠨ ᠤ ᠳᠠᠭᠠᠳᠬᠠᠯ ᠤᠨ ᠮᠡᠳᠡᠭᠦᠯᠦᠯᠳᠡ ᠶᠢᠨ ᠦᠨ᠎ᠡ ᠶᠢ ︽ᠨᠢᠭᠡ ᠮᠠᠰᠢᠨ ᠲᠡᠷᠭᠡ ᠳᠤ ᠨᠢᠭᠡ ᠦᠨ᠎ᠡ ᠬᠠᠨᠭ᠍ᠰᠢ ᠲᠠᠢ | ︾ ᠪᠤᠯᠭᠠᠵᠠᠢ ᠃ | ᠴᠥᠭᠡᠨ ᠪᠤᠰᠤ ᠮᠠᠰᠢᠨ ᠲᠡᠷᠭᠡᠨ ᠤ ᠡᠵᠡᠨ ᠤ ᠰᠡᠵᠢᠭᠯᠡᠯ ᠠᠴᠠ ᠪᠤᠯᠤᠬᠰᠠᠨ ᠵᠠᠮ ᠬᠠᠷᠢᠯᠴᠠᠭᠠᠨ ᠤ ᠬᠦᠡᠭᠭᠡᠨ | ᠠᠳᠡᠯ ᠳᠤ ᠲᠦᠭᠰᠢᠬᠦᠷᠢ ᠮᠡᠳᠡᠬᠦᠯᠬᠦ ᠡᠰᠡᠬᠦ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠪᠠᠰᠠ ᠠᠵᠢᠯ ᠲᠥᠷᠥᠯ ᠤᠨ | ᠬᠥᠮᠦᠰ ᠠᠴᠠ ᠠᠰᠠᠭᠤᠨ ᠯᠠᠪᠯᠠᠬᠰᠠᠨ ᠳᠤ᠂ ᠬᠡᠷᠪᠡ ᠬᠤᠶᠠᠷ ᠲᠠᠯ᠎ᠠ ᠪᠠᠷ ᠢᠶᠠᠨ ᠬᠥᠮᠦᠨ ᠬᠠᠷ᠎ᠠ ᠦᠬᠦᠵᠦ | ᠰᠢᠷᠬᠠᠲᠤᠭᠰᠠᠨ ᠦᠭᠡᠢ᠂ ᠲᠥᠯᠥᠪᠦᠷᠢ ᠶᠢᠨ ᠵᠣᠭᠤᠰ ᠤᠨ ᠲᠤᠭ᠎ᠠ ᠨᠢ 2000 ᠲᠥᠭᠦᠷᠢᠭ ᠤᠨ ᠳᠣᠲᠣᠷ᠎ᠠ ᠪᠠᠶᠢᠪᠠᠯ᠂ | ᠡᠩ ᠤᠨ ᠪᠠᠶᠢᠳᠠᠯ ᠲᠤᠤᠷ᠎ᠠ ᠬᠤᠶᠠᠳᠤᠭᠠᠷ ᠵᠢᠯ ᠤᠨ ᠳᠠᠭᠠᠳᠬᠠᠯ ᠤᠨ ᠰᠦᠢᠳᠭᠡᠯ ᠢ ᠳᠡᠭᠡᠭᠰᠢ ᠰᠢᠯᠵᠢᠬᠦᠯᠬᠦ ᠬᠦᠴᠦᠨ | ᠵᠦᠢᠯ ᠳᠤ ᠣᠷᠣᠭᠤᠯᠬᠤ ᠦᠭᠡᠢ ᠬᠡᠵᠡᠢ᠃ | ᠡᠭᠦᠨ ᠠᠴᠠ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠮᠠᠰᠢᠨ ᠲᠡᠷᠭᠡᠨ ᠳᠠᠭᠠᠳᠬᠠᠯ ᠤᠨ ᠰᠦᠢᠳᠭᠡᠯ ᠤᠨ | ᠨᠣᠷᠮ᠎ᠠ ᠶᠢᠨ ︽ᠰᠢᠯᠢᠳᠡᠭ ᠢ ᠨᠢ ᠱᠠᠩᠨᠠᠵᠤ ᠰᠢᠭᠠᠷᠤ ᠶᠢ ᠨᠢ ᠲᠣᠷᠭᠠᠬᠤ︾ ᠦᠢᠯᠡᠳᠦᠯ ᠢ ᠨᠡᠩ ᠰᠠᠶᠢᠨ ᠪᠠᠳᠠᠷᠠᠭᠤᠯᠵᠦ | ᠪᠠᠶᠢᠬᠤ ᠶᠢ ᠤᠯᠵᠤ ᠮᠡᠳᠡᠵᠦ ᠪᠣᠯᠤᠨ᠎ᠠ᠃ ᠮᠠᠰᠢᠨ ᠲᠡᠷᠭᠡᠨ ᠤ ᠳᠠᠭᠠᠳᠬᠠᠯ ᠤᠨ ᠮᠡᠳᠡᠭᠦᠯᠦᠯᠳᠡ ᠶᠢᠨ ᠦᠨ᠎ᠡ ᠶᠢ ︽ | ᠨᠢᠭᠡ ᠮᠠᠰᠢᠨ ᠲᠡᠷᠭᠡ ᠳᠤ ᠨᠢᠭᠡ ᠦᠨ᠎ᠡ ᠬᠠᠨᠭ᠍ᠰᠢ ᠲᠠᠢ︾ ᠪᠤᠯᠭᠠᠪᠠ᠂ ᠲᠠ ᠮᠠᠰᠢᠨ ᠲᠡᠷᠭᠡᠨ ᠤ ᠳᠠᠭᠠᠳᠬᠠᠯ | ᠬᠤᠳᠠᠯᠳᠤᠨ ᠠᠪᠬᠤ ᠦᠶ᠎ᠡ ᠳᠤ ᠪᠠᠨ ᠢᠯᠡᠭᠦᠦ ᠬᠡᠳᠦᠨ ᠺᠣᠮᠫᠠᠨᠢ ᠠᠴᠠ ᠠᠰᠠᠭᠤᠨ ᠯᠠᠪᠯᠠᠵᠤ᠂ ᠠᠯᠢ ᠺᠣᠮᠫᠠᠨᠢ ᠨᠢ | ᠥᠪᠡᠷ ᠤᠨ ᠪᠡᠶ᠎ᠡ ᠳᠤ ᠴᠢᠨᠢ ᠨᠠᠩ ᠲᠣᠬᠢᠷᠠᠬᠤ ᠶᠢ ᠪᠤᠳᠤᠵᠤ ᠦᠵᠡᠭᠡᠷᠡᠢ᠃ | http://mongol.people.com.cn/15831624.html |